ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠤᠳᠤᠷᠢᠳᠬᠤ ᠪᠠᠭ ᠤᠨ2024 ᠣᠨ ᠤ ᠠᠷᠠᠳᠴᠢᠯᠠᠯ ᠠᠮᠢᠳᠤᠷᠠᠯ ᠤᠨ ᠬᠤᠷᠠᠯ ᠠᠴᠠ ᠡᠮᠦᠨᠡᠬᠢ ᠬᠠᠮᠲᠤ ᠵᠢᠨ‌‍ᠰᠤᠷᠤᠯᠴᠠᠯᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠠᠮᠲᠤ ᠵᠢᠨ‌‍ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/20
   1 ᠰᠠᠷ᠎ᠠ ᠶᠢᠨ 16 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠦ ᠯᠢᠨ ᠬᠤᠰᠢᠭᠤᠨ ᠤ ᠤᠳᠤᠷᠢᠳᠬᠤ ᠪᠠᠭ ᠤᠨ 2024 ᠣᠨ ᠤ ᠠᠷᠠᠳᠴᠢᠯᠠᠯ ᠠᠮᠢᠳᠤᠷᠠᠯ ᠤᠨ ᠬᠤᠷᠠᠯ ᠠᠴᠠ ᠡᠮᠦᠨᠡᠬᠢ ᠬᠠᠮᠲᠤ ᠶᠢᠨ ᠰᠤᠷᠤᠯᠴᠠᠯᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠰᠤᠭᠠᠢ︾᠂ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ 2024 ᠣᠨ ᠤ ᠠᠷᠠᠳᠴᠢᠯᠠᠯ ᠠᠮᠢᠳᠤᠷᠠᠯ ᠤᠨ ᠬᠤᠷᠠᠯ ᠤᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠶᠠᠷᠢᠯᠴᠠᠯᠭ᠎ᠠ ᠥᠷᠨᠢᠭᠦᠯᠪᠡ᠃    ᠪᠦᠦ ᠯᠢᠨ ᠴᠢᠬᠤᠯᠠᠴᠢᠯᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠨᠠᠮ ᠤᠨ ᠰᠠᠬᠢᠯᠭ᠎ᠠ ᠪᠠᠲᠤ᠂ ᠨᠠᠮ ᠤᠨ ᠲᠣᠭᠲᠠᠭᠠᠯ ᠤᠨ ᠰᠤᠷᠤᠯᠴᠠᠯᠭ᠎ᠠ ᠪᠣᠯ ᠨᠠᠮ ᠤᠨ ᠪᠠᠶᠢᠭᠤᠯᠤᠯᠲᠠ ᠶᠢᠨ ᠥᠨᠢᠳᠡ ᠶᠢᠨ ᠬᠢᠴᠢᠶᠡᠯ ᠮᠥᠨ᠂ ᠮᠥᠨ ᠴᠦ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠰᠤᠨ ᠲᠤᠷᠰᠢᠲᠠ ᠰᠤᠷᠤᠯᠴᠠᠬᠤ ᠬᠢᠴᠢᠶᠡᠯ ᠪᠣᠯᠣᠨ᠎ᠠ᠂ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠲᠤᠳᠬᠠᠨ ᠭᠦᠨᠵᠡᠭᠡᠶᠢᠷᠡᠭᠦᠯᠵᠦ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠠᠵᠢᠯ ᠶᠠᠪᠤᠳᠠᠯ ᠬᠢᠵᠦ ᠦᠢᠯᠡᠰ ᠪᠣᠰᠬᠠᠬᠤ ᠪᠦᠬᠦ ᠶᠠᠪᠤᠴᠠ ᠳᠠᠭᠠᠨ ᠲᠤᠤᠱᠯᠠᠭᠤᠯᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠪᠣᠯᠣᠨ ᠢᠯᠵᠡᠷᠡᠯ ᠢ ᠡᠰᠡᠷᠭᠦᠴᠡᠬᠦ ᠲᠡᠮᠡᠴᠡᠯ  ᠢ ᠴᠢᠨᠠᠭᠰᠢᠳᠠ ᠲᠤᠤᠱᠯᠠᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠦᠷᠭᠦᠯᠵᠢᠯᠡᠨ ᠬᠤᠪᠢᠷᠠᠭᠤᠯᠬᠤ ᠬᠡᠷᠡᠭᠲᠡᠢ ᠭᠡᠵᠡᠢ᠃    ᠪᠦᠦ ᠯᠢᠨ ᠱᠠᠭᠠᠷᠳᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳᠴᠢᠯᠠᠯ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠠᠰᠠᠭᠤᠳᠠᠯ ᠢ ᠣᠨᠣᠪᠴᠢᠲᠠᠢ ᠪᠠᠶᠢᠴᠠᠭᠠᠨ᠂ ︽ᠠᠰᠠᠭᠤᠳᠠᠯ ᠤᠨ ᠡᠬᠢ ᠡᠭᠦᠰᠦᠯ︾ ᠢ ᠤᠯᠠᠮ ᠨᠢᠭᠡ ᠠᠯᠬᠤᠮ ᠡᠷᠢᠨ ᠲᠣᠳᠣᠯᠠᠵᠤ᠂ ᠠᠰᠠᠭᠤᠳᠠᠯ  ᠳᠤ ᠴᠢᠭᠯᠡᠭᠦᠯᠦᠨ ᠴᠡᠭᠴᠡᠯᠡᠨ ᠵᠠᠰᠠᠬᠤ᠂ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢ ᠪᠠᠲᠤᠯᠠᠬᠤ ᠮᠥᠷᠲᠡᠭᠡᠨ ᠪᠠᠰᠠ ᠤᠷᠢᠳᠴᠢᠯᠠᠨ ᠰᠡᠷᠭᠡᠶᠢᠯᠡᠬᠦ ᠶᠢ ᠪᠡᠶᠡᠯᠡᠭᠦᠯᠬᠦ ᠬᠡᠷᠡᠭᠲᠡᠢ᠃ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠰᠤᠷᠤᠯᠴᠠᠬᠤ ᠶᠢᠨ ᠳᠠᠭᠠᠤ ᠪᠣᠳᠣᠯᠬᠢᠯᠠᠬᠤ ᠶᠢ ᠪᠠᠷᠢᠮᠲᠠᠯᠠᠵᠤ᠂ ᠡᠷᠡᠰ ᠰᠢᠭᠤᠷᠬᠠᠢ ᠦᠶᠯᠡ ᠠᠵᠢᠯᠯᠠᠭ᠎ᠠ ᠪᠠᠷ ᠢᠶᠠᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠤᠬᠠᠮᠰᠠᠷ ᠠᠴᠠ ᠪᠠᠨ ᠠᠬᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠢᠮᠠᠭᠲᠠ ᠡᠭᠦᠷᠭᠡᠯᠡᠨ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ᠂ ᠪᠦᠬᠦᠯᠢ ᠴᠣᠭᠴᠠ ᠶᠢᠨ ᠳᠠᠪᠰᠢᠯᠲᠠ ᠶᠢ ᠠᠬᠢᠭᠤᠯᠬᠤ ᠬᠡᠷᠡᠭᠲᠡᠢ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳᠴᠢᠯᠠᠯ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠬᠡᠷᠡᠭᠲᠡᠢ᠃ ᠠᠷᠠᠳᠴᠢᠯᠠᠯ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠬᠤᠷᠠᠯᠳᠤᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠥᠨᠳᠥᠷ ᠪᠠᠷᠢᠮᠵᠢᠶ᠎ᠠ ᠪᠠᠷ ᠶᠠᠷᠢᠯᠴᠠᠯᠭ᠎ᠠ ᠥᠷᠨᠢᠭᠦᠯᠬᠦ ᠶᠢ ᠭᠦᠨᠵᠡᠭᠡᠢ ᠥᠷᠨᠢᠭᠦᠯᠵᠦ᠂ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠲᠤᠶᠢᠯᠪᠤᠷᠢᠲᠠᠢ ᠠᠳᠬᠤᠵᠤ᠂ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ᠂ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号