1 ᠰᠠᠷ᠎ᠠ ᠶᠢᠨ 18 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠳᠥᠷᠪᠡᠳᠦᠭᠡᠷ ᠣᠳᠠᠭᠠᠨ ᠤ ᠬᠤᠷᠠᠯ ᠤᠳᠠᠯ ᠦᠭᠡᠢ ᠬᠤᠷᠠᠯᠳᠤᠬᠤ ᠲᠠᠰᠢᠷᠠᠮ ᠳᠤ᠂ ᠬᠤᠰᠢᠭᠤ ᠳᠥᠷᠪᠡᠨ ᠶᠡᠭᠡ | ᠤᠳᠤᠷᠢᠳᠬᠤ ᠪᠠᠭ ᠤᠨ ᠤᠳᠤᠷᠢᠳᠤᠯᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠭᠤᠭ᠎ᠠ ᠭᠠᠵᠠᠷ ᠲᠤ | ᠭᠦᠨᠵᠡᠭᠡᠶᠢᠷᠡᠵᠦ᠂ ᠬᠤᠷᠠᠯ ᠳᠤ ᠣᠷᠣᠯᠴᠠᠭᠰᠠᠨ ᠭᠡᠰᠢᠭᠦᠳ ᠢ ᠪᠣᠯᠭᠤᠭᠠᠨ ᠲᠣᠬᠤᠨᠢᠭᠤᠯᠪᠠ᠃ | ᠬᠤᠰᠢᠭᠤ ᠤᠳᠤᠷᠢᠳᠤᠯᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠠᠢ ᠰᠠᠨᠠᠯ ᠢᠶᠠᠨ ᠰᠣᠯᠢᠯᠴᠠᠵᠤ᠂ | ᠥᠩᠭᠡᠷᠡᠭᠰᠡᠨ ᠨᠢᠭᠡ ᠵᠢᠯ ᠤᠨ ᠪᠥᠬᠦ ᠬᠤᠰᠢᠭᠤᠨ ᠤ ᠣᠯᠣᠭᠰᠠᠨ ᠬᠡᠷᠡᠯ ᠰᠠᠴᠤᠷᠠᠩᠭᠤᠢ ᠬᠥᠭᠵᠢᠯᠲᠡ ᠶᠢᠨ | ᠠᠮᠵᠢᠯᠲᠠ ᠪᠠᠨ ᠡᠷᠭᠢᠴᠡᠭᠦᠯᠵᠦ᠂ ᠡᠨᠡ ᠵᠢᠯ ᠤᠨ ᠬᠥᠭᠵᠢᠯᠲᠡ ᠶᠢᠨ ᠰᠡᠳᠬᠢᠴᠡ ᠪᠠ ᠪᠣᠳᠠᠲᠠᠢ ᠠᠷᠭ᠎ᠠ ᠬᠡᠮᠵᠢᠶ᠎ᠡ ᠪᠠᠨ | ᠬᠤᠪᠢᠶᠠᠯᠴᠠᠵᠤ᠂ ᠤᠳᠤᠷᠢᠳᠤᠯᠭ᠎ᠠ ᠨᠠᠷ ᠵᠢᠭᠠᠵᠤ ᠭᠠᠷᠭᠠᠭᠰᠠᠨ ᠨᠢ᠂ ᠠᠵᠤ ᠠᠬᠤᠢ ᠨᠡᠶᠢᠭᠡᠮ ᠤᠨ ᠬᠥᠭᠵᠢᠯᠲᠡ ᠶᠢ | ᠲᠦᠯᠬᠢᠨ ᠠᠬᠢᠭᠤᠯᠬᠤ ᠶᠠᠪᠤᠴᠠ ᠳᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠠᠩᠭᠢᠯᠠᠭ᠎ᠠ ᠶᠢᠨ ᠦᠢᠯᠡᠳᠦᠯ | ᠢᠶᠠᠨ ᠪᠠᠳᠠᠷᠠᠭᠤᠯᠵᠤ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠡᠭᠦᠨ ᠳᠤ ᠴᠢᠩ ᠰᠡᠳᠬᠢᠯ ᠤᠨ | ᠲᠠᠯᠠᠷᠬᠠᠯ ᠢᠶᠠᠨ ᠢᠯᠡᠳᠬᠡᠵᠡᠢ᠃ | ᠲᠣᠬᠤᠨᠢᠭᠤᠯᠬᠤ ᠬᠤᠭᠤᠴᠠᠭᠠᠨ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠵᠢᠭᠠᠵᠤ | ᠭᠠᠷᠭᠠᠭᠰᠠᠨ ᠨᠢ᠂ 2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ | ᠲᠡᠭᠦᠰᠬᠡᠯ ᠤᠨ ᠵᠢᠯ ᠮᠥᠨ᠂ ᠪᠠᠰᠠ ᠴᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠃ ᠭᠡᠰᠢᠭᠦᠳ ᠬᠤᠷᠠᠯ ᠳᠤ | ᠣᠷᠣᠯᠴᠠᠬᠤ ᠬᠤᠭᠤᠴᠠᠭᠠᠨ ᠳᠠᠭᠠᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠣᠷᠭᠢᠯᠤᠮ᠎ᠠ ᠬᠠᠯᠠᠭᠤᠨ ᠰᠡᠳᠬᠢᠯᠭᠡ ᠪᠠᠷ ᠶᠡᠭᠡ ᠬᠤᠷᠠᠯ ᠤᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠨ᠂ ᠢᠯᠡᠳᠬᠡᠯ ᠢ ᠬᠢᠨᠠᠨ ᠶᠠᠷᠢᠯᠴᠠᠵᠤ᠂ ᠠᠷᠠᠳ ᠤᠨ ᠰᠠᠨᠠᠭ᠎ᠠ ᠶᠢ ᠦᠨᠡᠨ ᠪᠣᠳᠠᠲᠠᠢ ᠪᠠᠷ ᠲᠤᠰᠬᠠᠵᠤ᠂ | ᠵᠠᠰᠠᠭ ᠤᠨ ᠣᠷᠳᠣᠨ ᠪᠠ ᠠᠷᠠᠳ ᠤᠨ ᠰᠡᠳᠬᠢᠯ ᠢ ᠬᠤᠯᠪᠣᠬᠤ ᠬᠥᠭᠦᠷᠭᠡ ᠪᠠᠶᠢᠭᠤᠯᠵᠤ᠂ ᠠᠷᠠᠳ ᠤᠯᠠᠨ ᠤ ᠬᠦᠰᠡᠯ | ᠡᠷᠡᠮᠡᠯᠵᠡᠯ ᠢ ᠬᠠᠷᠢᠭᠤᠯᠬᠤ ᠶᠢ ᠬᠦᠰᠡᠵᠦ᠂ ᠪᠣᠳᠠᠲᠠᠢ ᠲᠠᠢ ᠪᠠᠨ ᠤᠶᠠᠯᠳᠤᠭᠤᠯᠤᠨ ᠠᠵᠢᠯᠯᠠᠵᠤ᠂ ᠪᠥᠬᠦ ᠬᠤᠰᠢᠭᠤᠨ ᠤ | ᠭᠤᠣᠯ ᠠᠵᠢᠯ ᠪᠣᠯᠣᠨ ᠣᠯᠠᠨ ᠲᠦᠮᠡᠨ ᠤ ᠠᠩᠬᠠᠷᠤᠯ ᠢ ᠴᠢᠩᠭ᠎ᠠ ᠠᠳᠬᠤᠨ᠂ ᠢᠳᠡᠪᠬᠢᠲᠡᠢ ᠪᠠᠷ ᠰᠠᠨᠠᠯ ᠵᠥᠪᠯᠡᠯᠭᠡ | ᠳᠤᠷᠠᠳᠴᠤ᠂ ᠨᠡᠶᠢᠭᠡᠮ ᠤᠨ ᠪᠠᠶᠢᠳᠠᠯ ᠢ ᠲᠤᠰᠬᠠᠨ᠂ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤ ᠶᠢ | ᠪᠦᠲᠦᠭᠡᠨ ᠪᠠᠶᠢᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠭᠡᠷᠡᠭᠲᠡᠢ ᠬᠡᠵᠠᠢ᠃ | ᠭᠡᠰᠢᠭᠦᠳ ᠠᠴᠠ᠂ ᠶᠡᠭᠡ ᠬᠤᠷᠠᠯ ᠤᠨ ᠬᠤᠭᠤᠴᠠᠭᠠᠨ ᠳᠤ᠂ ᠣᠷᠭᠢᠯᠤᠮ᠎ᠠ ᠬᠠᠯᠠᠭᠤᠨ ᠰᠡᠳᠬᠢᠯᠭᠡ ᠶᠢ ᠡᠪᠦᠷᠯᠡᠵᠦ | ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠴᠢᠷᠮᠠᠶᠢᠵᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢ ᠪᠠᠷᠢᠮᠲᠠᠯᠠᠵᠤ᠂ ᠭᠡᠰᠢᠭᠦᠨ ᠤ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠰᠠᠨᠠᠭᠠᠴᠢᠯᠠᠭ᠎ᠠ ᠲᠠᠢ ᠪᠠᠷ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠶᠡᠭᠡ ᠬᠤᠷᠠᠯ ᠤᠨ ᠡᠯ᠎ᠡ ᠵᠦᠢᠯ ᠤᠨ ᠲᠣᠭᠲᠠᠭᠰᠠᠨ | ᠬᠠᠷᠠᠯᠲᠠ ᠶᠢᠨ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠲᠠᠶᠢᠯᠪᠤᠷᠢᠯᠠᠨ᠂ ᠪᠥᠬᠦ ᠬᠤᠰᠢᠭᠤᠨ ᠤ ᠠᠷᠠᠳ ᠲᠦᠮᠡᠨ ᠤ | ᠲᠠᠯᠪᠢᠭᠰᠠᠨ ᠭᠦᠨ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠭᠡᠵᠤ ᠢᠯᠡᠳᠬᠡᠵᠡᠭᠡᠪᠡ᠃ | | | | |