ᠪᠠᠷᠠᠭᠤᠨ ᠦᠵᠦᠮᠦᠴᠢᠨ ᠬᠤᠰᠢᠭᠤ ᠨᠡᠶᠢᠭᠡᠮ ᠲᠣᠭᠤᠷᠢᠭ ᠤᠨ | ᠠᠵᠢᠯᠲᠠᠳ ᠤᠨ ᠴᠠᠭᠠᠨ ᠰᠠᠷ᠎ᠠ ᠶᠢ ᠤᠭᠲᠤᠬᠤ ᠰᠣᠨᠢᠷᠬᠠᠯᠲᠤ | ᠪᠡᠶ᠎ᠡ ᠶᠢᠨ ᠲᠠᠮᠢᠷ ᠤᠨ ᠬᠥᠳᠡᠯᠭᠡᠭᠡᠨ ᠡᠷᠭᠢᠯᠡᠪᠡ | | | 1 ᠰᠠᠷ᠎ᠠ ᠶᠢᠨ 16 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ︽ᠰᠡᠳᠬᠢᠯ ᠨᠢᠭᠡᠳᠦᠨ ᠨᠠᠮ ᠢᠶᠠᠨ | ᠳᠠᠭᠠᠵᠤ᠂ ᠪᠦᠯᠬᠦᠮᠳᠡᠨ ᠲᠡᠮᠡᠴᠡᠵᠣ ᠰᠢᠨ᠎ᠡ ᠠᠶᠠᠨ ᠳᠤ ᠡᠷᠡᠮᠡᠬᠡᠶᠢᠯᠡᠨ ᠣᠷᠣᠭᠰᠢᠯᠠᠶ᠎ᠠ︾ ᠪᠥᠬᠦ ᠬᠤᠰᠢᠭᠤᠨ ᠤ | ᠨᠡᠶᠢᠭᠡᠮ ᠲᠣᠭᠤᠷᠢᠭ ᠤᠨ ᠠᠵᠢᠯᠲᠠᠳ ᠤᠨ ᠰᠢᠨ᠎ᠡ ᠵᠢᠯ ᠢᠶᠠᠨ ᠣᠭᠲᠣᠬᠤ ᠪᠡᠶ᠎ᠡ ᠶᠢᠨ ᠲᠠᠮᠢᠷ ᠤᠨ ᠬᠥᠳᠡᠯᠬᠡᠬᠡᠨ | ᠪᠠᠶ᠋ᠬᠠᠠᠭᠤᠯᠠ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠪᠠ᠃ ᠲᠣᠰ ᠤᠳᠠᠭᠠᠨ ᠤ | ᠪᠡᠶ᠎ᠡ ᠶᠢᠨ ᠲᠠᠮᠢᠷ ᠤᠨ ᠴᠤᠭᠯᠠᠭᠠᠨ ᠢ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ | ᠬᠤᠰᠢᠭᠤ ᠠᠵᠢᠯᠴᠢᠨ ᠤ ᠶᠡᠷᠦᠩᠬᠡᠢ ᠡᠪᠯᠡᠯ ᠠᠴᠠ ᠭᠤᠣᠯᠯᠠᠨ ᠡᠷᠭᠢᠯᠡᠵᠦ᠂ ᠪᠠᠯᠭᠠᠷᠭᠤᠣᠯ ᠪᠠᠯᠭᠠᠰᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠠ ᠪᠠᠯᠭᠠᠰᠤᠨ ᠤ ᠠᠵᠢᠯᠴᠢᠨ ᠤ ᠡᠪᠯᠡᠯ ᠠᠴᠠ ᠲᠠᠭᠠᠭᠠᠴᠢᠯᠠᠨ ᠡᠷᠭᠢᠯᠡᠵᠦ᠂ ᠪᠥᠬᠦ | ᠬᠤᠰᠢᠭᠤᠨ ᠤ 120 ᠭᠠᠷᠤᠢ ᠨᠡᠶᠢᠭᠡᠮ ᠲᠣᠭᠤᠷᠢᠭ ᠤᠨ ᠠᠵᠢᠯᠲᠠᠨ ᠢᠳᠡᠪᠬᠢᠲᠡᠢ ᠣᠷᠣᠯᠴᠠᠵᠠᠢ᠃ | ᠲᠣᠰ ᠣᠳᠠᠭᠠᠨ ᠤ ᠤᠷᠤᠯᠳᠤᠭᠠᠨ ᠤ ᠲᠦᠷᠦᠯ ᠵᠦᠢᠯ ᠡᠯᠪᠡᠭ ᠪᠠᠶᠠᠯᠢᠭ ᠤᠯᠠᠨ ᠶᠠᠩᠵᠤ ᠶᠢᠨ ᠪᠠᠶᠢᠵᠤ᠂ | ᠳᠡᠭᠡᠰᠦ ᠦᠰᠦᠷᠬᠦ᠂ ᠰᠣᠨᠢᠷᠬᠠᠯᠲᠤ ᠪᠡᠶ᠎ᠡ ᠶᠢᠨ ᠲᠠᠮᠢᠷ ᠵᠡᠷᠭᠡ 7 ᠲᠦᠷᠦᠯ ᠵᠦᠢᠯ ᠢ ᠬᠠᠮᠤᠷᠴᠤ᠂ ᠣᠷᠣᠯᠴᠠᠭᠰᠠᠳ ᠤᠨ | ᠪᠡᠶ᠎ᠡ ᠮᠠᠬᠠᠪᠤᠳ ᠤᠨ ᠬᠡᠪ ᠴᠢᠨᠠᠷ ᠪᠣᠯᠣᠨ ᠲᠠᠮᠢᠷ ᠤᠨ ᠬᠥᠳᠡᠯᠭᠡᠭᠡᠨ ᠤ ᠤᠷ᠎ᠠ ᠮᠡᠷᠭᠡᠵᠢᠯ ᠢ ᠰᠢᠯᠭᠠᠭᠰᠠᠨ ᠢᠶᠠᠷ ᠪᠠᠷᠠᠬᠤ | ᠦᠭᠡᠢ᠂ ᠪᠦᠯᠬᠦᠮ ᠨᠡᠶᠢᠲᠡ ᠶᠢᠨ ᠬᠠᠮᠵᠢᠯᠴᠠᠭ᠎ᠠ ᠪᠣᠯᠣᠨ ᠰᠣᠨᠢᠷᠬᠠᠯᠲᠤ ᠴᠢᠨᠠᠷ ᠢ ᠴᠤ ᠴᠢᠬᠤᠯᠠᠴᠢᠯᠠᠭᠰᠠᠨ ᠪᠠᠶᠢᠨ᠎ᠠ᠃ | ᠣᠷᠣᠯᠳᠣᠭᠠᠨ ᠤ ᠳᠣᠮᠳᠠ᠂ ᠨᠡᠶᠢᠭᠡᠮ ᠲᠣᠭᠤᠷᠢᠭ ᠤᠨ ᠠᠵᠢᠯᠲᠠᠳ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠪᠢᠯᠬᠠᠵᠤ᠂ ᠪᠦᠯᠬᠦᠮᠳᠡᠨ ᠬᠠᠮᠵᠢᠯᠴᠠᠬᠤ᠂ ᠡᠷᠡᠯᠬᠡᠭᠯᠡᠨ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ | ᠭᠦᠢᠴᠡᠳ ᠢᠯᠡᠷᠡᠭᠦᠯᠪᠡ᠃ | ᠲᠣᠰ ᠤᠳᠠᠭᠠᠨ ᠤ ᠠᠵᠢᠯᠯᠠᠭ᠎ᠠ ᠨᠢ ᠤᠯᠠᠨ ᠳᠤ ᠰᠣᠯᠢᠯᠴᠠᠭ᠎ᠠ ᠪᠠᠨ ᠨᠡᠮᠡᠭᠳᠡᠭᠦᠯᠬᠦ ᠲᠠᠪᠴᠠᠩ ᠬᠠᠩᠭᠠᠵᠤ᠂ | ᠨᠡᠶᠢᠭᠡᠮ ᠲᠣᠭᠤᠷᠢᠭ ᠤᠨ ᠠᠵᠢᠯᠲᠠᠳ ᠤᠨ ᠬᠤᠭᠤᠷᠣᠨᠳᠣᠬᠢ ᠣᠶᠢᠯᠠᠭᠠᠯᠴᠠᠭ᠎ᠠ ᠪᠠ ᠨᠡᠪᠲᠡᠷᠡᠯᠴᠡᠭᠡ ᠶᠢ ᠠᠬᠢᠭᠤᠯᠵᠤ᠂ | ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠴᠢᠩᠭᠠᠳᠬᠠᠪᠠ᠃ | ᠪᠠᠶᠠᠨᠭᠤᠣᠯ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠦ᠋ ᠶᠦᠨ | ᠨᠢᠭᠡᠨ ᠨᠡᠶᠢᠭᠡᠮ ᠲᠤᠭᠤᠷᠢᠭ ᠤᠨ ᠠᠵᠢᠯᠲᠠᠨ ᠪᠣᠯᠣᠭᠰᠨ ᠤ ᠬᠤᠪᠢ ᠳᠤ᠂ ᠲᠣᠰ ᠣᠳᠠᠭᠠᠨ ᠤ ᠲᠠᠮᠢᠷ ᠤᠨ | ᠬᠥᠳᠡᠯᠭᠡᠭᠡᠨ ᠳᠤ ᠣᠷᠣᠯᠴᠠᠭᠰᠠᠨ ᠳᠤ ᠪᠠᠨ ᠮᠠᠰᠢ ᠪᠠᠶᠠᠷᠲᠠᠢ ᠪᠠᠶᠢᠨ᠎ᠠ᠃ ᠣᠷᠣᠯᠳᠣᠭᠠᠨ ᠤ ᠳᠣᠮᠳᠠ ᠪᠢᠳᠠ | ᠬᠠᠷᠢᠯᠴᠠᠨ ᠬᠠᠪᠰᠣᠷᠣᠯᠴᠠᠵᠣ᠂ ᠬᠠᠷᠢᠯᠴᠠᠨ ᠵᠣᠷᠢᠭᠵᠢᠭᠤᠯᠣᠨ ᠮᠠᠰᠢ ᠬᠥᠭᠵᠢᠶᠡᠨᠲᠠᠢ ᠪᠠᠶᠢᠪᠠ᠃ ᠮᠥᠨ ᠴᠦ | ᠪᠢᠳᠡᠨ ᠳᠤ ᠡᠶᠢᠮᠦ ᠰᠠᠶᠢᠬᠠᠨ ᠣᠷᠣᠯᠳᠣᠭᠠᠨ ᠤ ᠵᠠᠪᠰᠢᠶᠠᠨ ᠣᠯᠭᠤᠭᠰᠠᠨ ᠳᠤ ᠲᠠᠯᠠᠷᠬᠠᠵᠤ ᠪᠠᠶᠢᠨ᠎ᠠ᠂ ᠰᠡᠭᠦᠯᠡᠷ | ᠡᠶᠢᠮᠦᠷᠬᠦᠦ ᠬᠥᠳᠡᠯᠬᠡᠬᠡᠨ ᠳᠤ ᠢᠯᠡᠭᠦᠬᠡᠨ ᠣᠷᠣᠯᠴᠠᠶ᠎ᠠ ᠭᠡᠵᠤ ᠪᠣᠳᠣᠵᠣ ᠪᠠᠶᠢᠨ᠎ᠠ᠃ | | |