1 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ | ᠡᠯ᠎ᠠ ᠵᠦᠢᠯ ᠤᠨ ᠵᠦᠪᠯᠡᠭᠦ ᠵᠦᠢᠯᠡᠰ ᠢᠶᠠᠨ ᠪᠦᠬᠦᠨ ᠢ ᠳᠠᠭᠤᠰᠬᠠᠵᠣ᠂ ᠠᠮᠵᠢᠯᠳᠠᠳᠠᠢ ᠲᠡᠭᠦᠰᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠪᠦᠦ ᠯᠢᠨ᠂ ᠶᠣᠣ ᠬᠤᠩ | ᠭᠠᠩ᠂ ᠪᠤᠯᠤᠳ᠂ ᠪᠠᠭᠠᠨ᠎ᠠ᠂ ᠲᠠᠶᠢᠫᠢᠩ᠂ ᠯᠢᠦ ᠴᠢᠩ᠂ ᠡᠷᠳᠡᠨᠢᠰᠦ᠋ᠷᠦᠭ᠂ ᠯᠦ ᠵᠧᠨ ᠰᠢᠨ ᠲᠡᠷᠢᠭᠦᠯᠡᠭᠴᠢᠳ ᠤᠨ | ᠲᠠᠶᠢᠰᠠᠨ ᠤ ᠡᠮᠦᠨ᠎ᠡ ᠮᠥᠷ ᠲᠤ ᠰᠠᠭᠠᠲᠠᠵᠤ᠂ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠭᠦᠨ | ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ | ᠳᠡᠷᠢᠬᠦᠯᠡᠭᠴᠢ ᠶᠢᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠲᠦᠷᠪᠡᠳᠦᠭᠡᠷ ᠪᠦᠬᠦᠳᠠ ᠬᠤᠷᠠᠯ ᠤᠨ | ᠬᠦᠢᠴᠡᠳᠭᠡᠭᠴᠢ ᠲᠡᠷᠢᠭᠦᠯᠡᠭᠴᠢ ᠯᠦ ᠵᠧᠨ ᠰᠢᠨ ᠬᠤᠷᠠᠯ ᠡᠷᠬᠢᠯᠡᠵᠠᠢ᠃ | ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠲᠠᠪᠤᠳᠤᠭᠠᠷ ᠬᠤᠷᠠᠯᠳᠤᠭᠠᠨ ᠤ | ᠲᠦᠷᠪᠡᠳᠦᠭᠡᠷ ᠪᠦᠬᠦᠳᠠ ᠬᠤᠷᠠᠯ ᠳᠤ ᠤᠷᠤᠯᠴᠠᠬᠤ ᠵᠤᠬᠢᠰᠳᠠᠢ ᠲᠦᠯᠦᠭᠡᠯᠡᠭᠴᠢ 156 ᠬᠦᠮᠦᠨ᠂ ᠡᠨᠡ ᠣᠳᠠᠭᠠᠨ ᠤ | ᠪᠦᠭᠦᠳᠡ ᠬᠤᠷᠠᠯ ᠳᠤ 144 ᠲᠦᠯᠦᠭᠡᠯᠡᠭᠴᠢ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ | ᠨᠡᠶᠢᠴᠡᠵᠠᠢ᠃ | ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠪᠤᠯᠤᠨ ᠫᠢᠶᠣᠣ ᠪᠦᠷᠢᠳᠬᠡᠭᠰᠡᠨ ᠦᠷ᠎ᠡ ᠳ᠋ᠦᠩ ᠢ ᠦᠨᠳᠦᠰᠦᠯᠡᠨ᠂ | ᠶᠡᠭᠡ ᠬᠤᠷᠠᠯ ᠠᠴᠠ ᠶᠠᠨ ᡁᠢ ᠭᠦᠸᠧ ᠨᠥᠬᠦᠷ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ | ᠢᠶᠠᠷ ᠰᠣᠩᠭᠤᠭᠳᠠᠭᠰᠠᠨ ᠢ ᠨᠡᠶᠢᠲᠡᠯᠡᠪᠡ᠃ ᠮᠧᠩ ᠹᠠᠨ ᠸᠧᠢ ᠨᠥᠬᠦᠷ᠂ ᠮᠡᠷᠭᠡᠨᠳᠠᠯᠠᠢ ᠨᠥᠬᠦᠷ ᠪᠠᠷᠠᠭᠤᠨ ᠦᠵᠦᠮᠦᠴᠢᠨ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ | ᠰᠣᠩᠭᠤᠭᠳᠠᠭᠰᠠᠨ ᠢ ᠵᠠᠷᠯᠠᠪᠠ᠃ | ᠶᠡᠭᠡ ᠬᠤᠷᠠᠯ ᠠᠴᠠ ᠦᠨᠳᠦᠰᠦᠨ ᠬᠠᠦᠯᠢ ᠳᠤ ᠲᠠᠩᠭᠠᠷᠢᠭᠯᠠᠬᠤ ᠶᠤᠰᠤᠯᠠᠯ ᠶᠠᠪᠤᠭᠤᠯᠵᠤ᠂ ᠶᠠᠨ ᡁᠢ ᠭᠦᠸᠧ | ᠲᠠᠭᠠᠭᠤᠯᠤᠨ ᠲᠠᠩᠭᠠᠷᠢᠭᠯᠠᠪᠠ᠃ | ᠶᠡᠭᠡ ᠬᠤᠷᠠᠯ ᠠᠴᠠ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2025 | ᠤᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠦᠢᠯ ᠪᠤᠯᠤᠨ ᠪᠠᠷᠠᠭᠤᠨ ᠦᠵᠦᠮᠦᠴᠢᠨ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2024 ᠤᠨ ᠤ ᠠᠷᠠᠳ ᠤᠨ ᠠᠮᠢᠳᠤᠷᠠᠯ ᠤᠨ ᠪᠤᠳᠠᠳᠤ | ᠶᠠᠪᠤᠳᠠᠯ ᠤᠨ ᠲᠦᠷᠦᠯ ᠵᠦᠢᠯ ᠤᠨ ᠬᠠᠨᠤᠮᠵᠢ ᠶᠢᠨ ᠬᠡᠮᠵᠢᠶ᠎ᠡ ᠶᠢᠨ ᠲᠤᠬᠠᠢ ᠦᠨᠡᠯᠡᠯᠲᠡ ᠶᠢᠨ ᠦᠷ᠎ᠡ ᠳ᠋ᠦᠩ ᠢ | ᠨᠡᠶᠢᠳᠡᠯᠡᠪᠡ᠃ | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2025 ᠤᠨ ᠤ ᠠᠷᠠᠳ ᠤᠨ | ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠦᠢᠯ ᠳᠤ᠄ | ᠨᠢᠭᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ | ᠦᠨᠳᠦᠰᠦᠨ ᠨᠠᠰᠤᠵᠢᠯ ᠤᠨ ᠮᠥᠩᠭᠦ ᠶᠢᠨ ᠲᠥᠷᠥᠯ ᠵᠦᠢᠯ᠃ | ᠬᠤᠶᠠᠷ᠂ ᠪᠠᠯᠭᠠᠷᠭᠤᠤᠯ ᠪᠠᠯᠭᠠᠰᠤᠨ ᠤ ᠭᠤᠤᠯ ᠤᠨ ᠵᠡᠬᠦᠨᠳᠡᠭᠢ ᠢᠯᠴᠢ ᠬᠠᠩᠭᠠᠬᠤ᠂ ᠤᠰᠤ ᠬᠠᠩᠭᠠᠬᠤ᠂ ᠪᠣᠬᠢᠷ | ᠤᠰᠤᠨ ᠤ ᠬᠤᠭᠤᠯᠠᠢ ᠶᠢᠨ ᠲᠣᠣᠷ ᠤᠨ ᠢᠨᠵᠧᠨᠧᠷᠢᠩ ᠤᠨ ᠲᠥᠷᠥᠯ ᠵᠦᠢᠯ᠃ | ᠭᠤᠷᠪᠠ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠰᠠᠭᠤᠷᠢ ᠪᠡᠯᠡᠳᠬᠡᠮᠵᠢ ᠶᠢᠨ ᠲᠠᠩᠰᠠ ᠡᠪᠬᠡᠮᠡᠯ ᠢ | ᠳᠡᠭᠡᠭᠰᠢᠯᠡᠭᠦᠯᠵᠦ ᠲᠠᠰ ᠳᠡᠪᠰᠢᠭᠦᠯᠬᠦ ᠲᠥᠷᠥᠯ ᠵᠦᠢᠯ᠃ | ᠳᠥᠷᠪᠡ᠂ ᠪᠠᠯᠭᠠᠷ ᠭᠤᠣᠯ ᠤᠨ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠲᠥᠷᠥᠯ ᠵᠦᠢᠯ᠃ | ᠶᠡᠭᠡ ᠬᠤᠷᠠᠯ ᠠᠴᠠ ᠪᠠᠷᠠᠭᠤᠨ ᠦᠵᠦᠮᠦᠴᠢᠨ ᠬᠤᠰᠢᠭᠤᠨ ᠤ ︽ᠵᠠᠰᠠᠬ ᠤᠨ ᠤᠷᠳᠤᠨ ᠤ ᠠᠵᠢᠯ ᠤᠨ ᠢᠯᠡᠳᠭᠡᠯ | ︵ᠡᠬᠡ ᠨᠤᠤᠷᠠᠭ︶︾ ᠤᠨ ᠲᠤᠬᠠᠢ ᠰᠢᠢᠳᠪᠤᠷᠢ᠂ ︽ᠪᠠᠷᠠᠭᠤᠨ ᠦᠵᠦᠮᠦᠴᠢᠨ ᠬᠤᠰᠢᠭᠤᠨ ᠤ 2024 ᠤᠨ ᠤ | ᠤᠯᠤᠰ ᠠᠷᠠᠳ ᠤᠨ ᠠᠵᠦ ᠠᠬᠤᠢ ᠪᠡ ᠨᠡᠶᠢᠭᠡᠮ ᠤᠨ ᠭᠥᠭᠵᠢᠯᠲᠡ ᠶᠢᠨ ᠲᠦᠯᠦᠪᠯᠡᠭᠡ ᠶᠢ ᠬᠦᠢᠴᠡᠳᠭᠡᠭᠰᠡᠨ ᠪᠠᠶᠢᠳᠠᠯ | ᠬᠢᠬᠡᠳ 2025 ᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ︵ | ᠡᠬᠡ ᠨᠤᠤᠷᠠᠭ︶︾ ᠶᠢᠨ ᠲᠤᠬᠠᠢ ᠰᠢᠢᠳᠪᠤᠷᠢ᠂ ︽ᠪᠠᠷᠠᠭᠤᠨ ᠦᠵᠦᠮᠦᠴᠢᠨ ᠬᠤᠰᠢᠭᠤᠨ ᠤ 2024 ᠤᠨ ᠤ ᠡᠳ᠋ | ᠤᠨ ᠵᠠᠰᠠᠭ ᠤᠨ ᠲᠦᠰᠦᠪ ᠢ ᠭᠦᠢᠴᠡᠳᠭᠡᠭᠰᠡᠨ ᠪᠠᠶᠢᠳᠠᠯ ᠪᠠ 2025 ᠤᠨ ᠤ ᠡᠳ᠋ ᠤᠨ ᠵᠠᠰᠠᠭ ᠤᠨ ᠲᠦᠰᠦᠪ ︵ | ᠡᠬᠡ ᠨᠤᠤᠷᠠᠭ︶︾ ᠤᠨ ᠲᠤᠬᠠᠢ ᠰᠢᠢᠳᠪᠤᠷᠢ᠂ ︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ ︵ᠡᠬᠡ ᠨᠤᠤᠷᠠᠭ︶ | ︾ ᠶᠢᠨ ᠲᠤᠬᠠᠢ ᠰᠢᠢᠳᠪᠤᠷᠢ᠂ ︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠰᠢᠭᠦᠭᠦ ᠬᠤᠷᠢᠶᠠᠨ ᠤ | ᠠᠵᠢᠯ ᠤᠨ ᠮᠡᠳᠡᠭᠦᠯᠦᠯᠳᠡ ︵ᠡᠬᠡ ᠨᠤᠤᠷᠠᠭ︶ ︾ ᠶᠢᠨ ᠲᠤᠬᠠᠢ ᠰᠢᠢᠳᠪᠤᠷᠢ᠂ ︽ᠪᠠᠷᠠᠭᠤᠨ ᠦᠵᠦᠮᠦᠴᠢᠨ | ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠳᠡ ︵ᠡᠬᠡ ᠨᠤᠤᠷᠠᠭ︶︾ ᠶᠢᠨ | ᠲᠤᠬᠠᠢ ᠰᠢᠢᠳᠪᠤᠷᠢ ᠶᠢ ᠪᠠᠳᠤᠯᠠᠪᠠ᠃ | ᠶᠡᠭᠡ ᠬᠤᠷᠠᠯ ᠡᠯ᠎ᠡ ᠵᠦᠢᠯ ᠤᠨ ᠵᠥᠪᠯᠡᠬᠦ ᠵᠦᠢᠯ ᠢᠶᠠᠨ ᠳᠠᠭᠤᠰᠬᠠᠭᠰᠠᠨ ᠤ ᠳᠠᠷᠠᠭ᠎ᠠ᠂ ᠪᠦᠦ ᠯᠢᠨ ᠶᠠᠷᠢᠶ᠎ᠠ | ᠲᠠᠯᠪᠢᠪᠠ᠃ ᠪᠤᠤ ᠯᠢᠨ ᠶᠠᠷᠢᠶᠠᠨ ᠳᠠᠭᠠᠨ᠂ ᠥᠩᠭᠡᠷᠡᠭᠰᠡᠨ ᠨᠢᠭᠡ ᠵᠢᠯ ᠳᠤ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠢ ᠬᠤᠰᠢᠭᠤ ᠨᠠᠮ ᠤᠨ | ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ | ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ | ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ | ᠪᠠᠷᠢᠮᠲᠠᠯᠠᠨ᠂ ᠬᠥᠭᠵᠢᠯᠲᠡ ᠶᠢᠨ ᠶᠡᠭᠡ ᠲᠠᠯ᠎ᠠ ᠶᠢ ᠪᠣᠳᠣᠯᠬᠢᠯᠠᠨ᠂ ᠤᠯᠤᠰ ᠲᠥᠷᠥ ᠶᠢᠨ ᠡᠭᠦᠷᠭᠡᠯᠡᠯ ᠢ ᠴᠢᠩᠭᠠᠳᠬᠠᠵᠤ᠂ | ᠡᠯ᠎ᠡ ᠲᠥᠷᠥᠯ ᠤᠨ ᠠᠵᠢᠯ ᠳᠤ ᠢᠯᠡᠳᠲᠡ ᠦᠷ᠎ᠡ ᠪᠦᠲᠦᠮᠵᠢ ᠣᠯᠵᠤ᠂ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠪᠠ ᠬᠡᠵᠠᠢ᠃ | ᠪᠤᠤ ᠯᠢᠨ ᠵᠢᠭᠠᠬᠤ ᠳᠠᠭᠠᠨ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠨᠢ ᠬᠤᠰᠢᠭᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠲᠤᠤᠷ᠎ᠠ᠂ ᠪᠥᠬᠦ ᠲᠥᠯᠥᠭᠡᠯᠡᠭᠴᠢᠳ ᠪᠣᠯᠤᠨ ᠬᠤᠷᠠᠯ ᠳᠤ | ᠣᠷᠣᠯᠴᠠᠭᠰᠠᠨ ᠨᠥᠬᠦᠳ ᠤᠨ ᠬᠠᠮᠲᠤ ᠶᠢᠨ ᠴᠢᠷᠮᠠᠶᠢᠯᠭ᠎ᠠ ᠪᠠᠷ ᠡᠯ᠎ᠡ ᠵᠦᠶᠯ ᠤᠨ ᠵᠥᠪᠯᠡᠬᠦ ᠵᠦᠶᠯ ᠢᠶᠠᠨ ᠲᠡᠭᠦᠰ | ᠠᠮᠵᠢᠯᠲᠠ ᠲᠠᠢ ᠪᠡᠶᠡᠯᠡᠬᠦᠯᠦᠭᠰᠡᠨ ᠪᠠᠶᠢᠨ᠎ᠠ ᠬᠡᠵᠠᠢ᠃ | ᠪᠦᠦ ᠯᠢᠨ ᠴᠢᠬᠤᠯᠠᠴᠢᠯᠠᠭᠰᠠᠨ ᠨᠢ᠂ 2025 ᠣᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ | ᠥᠭᠡᠷᠡᠴᠢᠯᠡᠯᠲᠡ ᠶᠢᠨ ᠵᠢᠯ ᠮᠥᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ | ᠲᠥᠯᠦᠪᠵᠢᠭᠦᠯᠭᠡ ᠶᠢᠨ ᠵᠢᠯ ᠮᠥᠨ᠂ ᠮᠥᠨ ᠴᠦ ᠪᠢᠳᠡᠨ ᠤ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ | ᠠᠵᠠ ᠲᠣᠬᠢᠶᠠᠯ ᠢ ᠠᠮᠵᠢᠨ᠂ ᠪᠥᠬᠦ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠴᠢᠬᠤᠯᠠ ᠵᠢᠯ ᠮᠥᠨ᠃ ᠰᠢᠨ᠎ᠡ ᠱᠠᠲᠤ ᠦᠶ᠎ᠡ ᠳᠤ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ | ᠴᠢᠷᠮᠠᠶᠢᠯᠭ᠎ᠠ ᠲᠠᠢ ᠪᠠᠶᠢᠬᠤ ᠬᠡᠷᠡᠭᠲᠡᠢ᠂ ᠲᠣᠭᠲᠠᠭᠰᠠᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠳᠤ ᠡᠭᠦᠷᠭᠡ | ᠥᠩᠭᠡ ᠭᠡᠷᠡᠯᠲᠡᠢ᠂ ᠬᠠᠷᠢᠭᠤᠴᠠᠯᠭ᠎ᠠ ᠬᠦᠨᠳᠦ ᠶᠡᠭᠡ ᠪᠠᠶᠢᠳᠠᠭ᠂ ᠡᠭᠦᠨ ᠲᠠᠢ ᠠᠳᠠᠯᠢ ᠪᠠᠷ ᠥᠷᠭᠡᠨ ᠤᠯᠠᠨ ᠨᠠᠮ ᠤᠨ | ᠭᠡᠰᠢᠭᠦᠨ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠲᠠᠭᠤᠵᠢᠯᠲᠠᠢ ᠠᠵᠢᠯᠯᠠᠵᠤ | ᠪᠣᠳᠠᠲᠠᠢ ᠠᠵᠢᠯᠯᠠᠬᠤ ᠭᠡᠷᠡᠭᠳᠠᠢ᠃ ᠢᠯᠠᠩᠭᠤᠶ᠎ᠠ ᠪᠦᠬᠦ ᠬᠤᠰᠢᠭᠤᠨ ᠤ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠠᠷᠠᠳ ᠤᠨ ᠲᠥᠯᠥᠭᠡᠯᠡᠭᠴᠢᠳ ᠰᠢ ᠶᠢᠨ ᠫᠢᠩ ᠶᠡᠷᠦᠩᠬᠡᠢ ᠱᠦᠵᠢ | ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠴᠢᠬᠤᠯᠠ | ᠦᠵᠡᠯ ᠰᠠᠨᠠᠭ᠎ᠠ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠲᠠᠯᠪᠢᠭᠰᠠᠨ ᠡᠯ᠎ᠡ ᠵᠦᠢᠯ ᠤᠨ ᠱᠠᠭᠠᠷᠳᠠᠯᠭ᠎ᠠ ᠶᠢ | ᠬᠢᠨᠠᠮᠠᠭᠠᠢ ᠲᠤᠤᠱᠯᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠡᠷᠡᠮᠡᠬᠡᠶᠢᠯᠡᠨ ᠳᠠᠪᠰᠢᠬᠤ ᠵᠣᠷᠢᠭ | ᠰᠠᠨᠠᠭᠠᠨ ᠤ ᠳᠦᠷᠰᠦ ᠪᠠᠶᠢᠳᠠᠯ ᠢᠶᠠᠷ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠬᠠᠷᠢᠭᠤᠴᠠᠯᠭ᠎ᠠ ᠲᠠᠢ ᠪᠥᠭᠡᠳ | ᠠᠵᠢᠯ ᠶᠠᠪᠤᠳᠠᠯ ᠬᠢᠬᠦ ᠪᠠᠶᠢᠳᠠᠯ ᠢᠶᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠲᠠᠰᠤᠷᠠᠯᠲᠠ ᠦᠬᠡᠢ ᠠᠬᠢᠭᠤᠯᠵᠤ᠂ ᠪᠠᠷᠠᠭᠤᠨᠦᠵᠦᠮᠦᠴᠢᠨ ᠤ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠠᠮᠢᠳᠤᠯᠢᠭ ᠦᠢᠯᠡᠳᠦᠯᠭᠡ ᠶᠢᠨ ᠳᠤᠮᠳᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭ᠎ᠠ ᠶᠢ ᠬᠦᠢᠴᠡᠳ ᠬᠠᠷᠠᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠭᠡᠷᠡᠭᠲᠠᠢ ᠬᠡᠵᠠᠢ᠃ | ᠶᠡᠭᠡ ᠬᠤᠷᠠᠯ ᠠᠴᠠ ᠤᠷᠢᠶᠠᠯᠠᠭᠰᠠᠨ ᠨᠢ ᠂ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠪᠢᠳᠡ ᠡᠷᠬᠡᠪᠰᠢ | ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠰᠢᠨ᠎ᠡ ᠶᠢ ᠡᠭᠦᠳᠦᠨ ᠪᠣᠳᠠᠲᠠᠢ ᠠᠵᠢᠯᠯᠠᠵᠤ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ | ᠦᠵᠦᠮᠦᠴᠢᠨ ᠬᠤᠰᠢᠭᠤᠨ ᠤ ᠦᠢᠯᠡᠳᠦᠯᠭᠡ ᠶᠢ ᠠᠬᠢᠭᠤᠯᠬᠤ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ | ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠲᠦ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠦᠵᠡᠯ | ᠰᠠᠨᠠᠭ᠎ᠠ ᠪᠠᠷ ᠬᠠᠨᠳᠤᠯᠭ᠎ᠠ ᠲᠠᠢ ᠵᠠᠮᠴᠢᠯᠠᠵᠤ᠂ ᠰᠢᠨ᠎ᠡ ᠱᠠᠭᠠᠷᠳᠠᠯᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ | ᠂ ᠰᠢᠨ᠎ᠡ ᠡᠭᠦᠷᠭᠡ ᠬᠠᠷᠢᠭᠤᠴᠠᠯᠭ᠎ᠠ ᠪᠠᠷ ᠵᠤᠷᠢᠭᠵᠢᠨ ᠤᠷᠤᠭᠰᠢᠯᠠᠵᠤ᠂ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠦᠴᠦᠨ ᠴᠢᠳᠠᠯ ᠢᠶᠠᠨ ᠡᠷᠬᠦᠵᠡᠭᠡᠶᠡ ᠬᠡᠵᠠᠢ᠃ | ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠠᠶᠠᠰ ᠳᠤᠮᠳᠠ ᠬᠤᠰᠢᠭᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠮᠵᠢᠯᠳᠠᠲᠠᠢ | ᠦᠨᠳᠦᠷᠯᠡᠪᠡ᠃ |