ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠭᠤᠷᠪᠠᠳᠤᠭᠠᠷ ᠪᠦᠬᠦᠳᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/22
   1 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ  ᠤ ᠭᠤᠷᠪᠠᠳᠤᠭᠠᠷ ᠪᠦᠬᠦᠳᠠ ᠬᠤᠷᠠᠯ ᠬᠤᠷᠠᠯᠳᠤᠪᠠ᠃    ᠶᠡᠭᠡ ᠬᠤᠷᠠᠯ ᠤᠨ ᠲᠡᠷᠢᠭᠦᠯᠡᠭᠴᠢ ᠶᠢᠨ ᠪᠥᠯᠬᠦᠮ ᠤᠨ ᠪᠠᠶᠢᠡᠭᠭᠤ ᠶᠢᠨ ᠲᠡᠷᠢᠬᠦᠯᠡᠭᠴᠢ ᠪᠤᠤ ᠯᠢᠨ᠂ ᠶᠣᠣ ᠬᠤᠩ ᠭᠠᠩ᠂ ᠪᠣᠯᠣᠳ᠂ ᠪᠠᠭᠠᠨ᠎ᠠ᠂ ᠲᠠᠶᠢᠫᠢᠩ᠂ ᠯᠢᠤ ᠴᠢᠩ᠂ ᠡᠷᠳᠡᠨᠢᠰᠦ᠋ᠷᠦᠭ᠂ ᠯᠦ ᠵᠧᠨ ᠰᠢᠨ ᠲᠡᠷᠢᠬᠦᠯᠡᠭᠴᠢᠳ ᠤᠨ ᠲᠠᠶᠢᠰᠠᠨ ᠤ ᠡᠮᠥᠨ᠎ᠠ ᠮᠥᠷ ᠲᠤ ᠰᠠᠭᠠᠳᠠᠪᠠ᠃ ᠲᠡᠷᠢᠬᠦᠯᠡᠭᠴᠢᠳ ᠤᠨ ᠪᠥᠯᠬᠦᠮ ᠤᠨ ᠪᠤᠰᠣᠳ ᠪᠦᠷᠢᠯᠳᠦᠭᠦᠨ ᠲᠡᠷᠢᠬᠦᠯᠡᠭᠴᠢᠳ ᠤᠨ ᠲᠠᠶᠢᠰᠠᠨ ᠳᠤ ᠰᠠᠭᠠᠲᠠᠪᠠ  ᠃    ᠲᠡᠷᠢᠬᠦᠯᠡᠭᠴᠢᠳ ᠤᠨ ᠪᠥᠯᠬᠦᠮ ᠤᠨ ᠪᠠᠶᠢᠡᠭᠭᠤ ᠶᠢᠨ ᠲᠡᠷᠢᠬᠦᠯᠡᠭᠴᠢ᠂ ᠭᠤᠷᠪᠠᠳᠤᠭᠠᠷ ᠪᠦᠬᠦᠳᠠ ᠬᠤᠷᠠᠯ ᠤᠨ ᠬᠦᠢᠴᠡᠳᠭᠡᠭᠴᠢ ᠲᠡᠷᠢᠬᠦᠯᠡᠭᠴᠢ ᠡᠷᠳᠡᠨᠢᠰᠦ᠋ᠷᠦᠭ ᠬᠤᠷᠠᠯ ᠡᠷᠬᠢᠯᠡᠪᠡ᠃ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ  ᠬᠤᠷᠠᠯᠳᠤᠭᠠᠨ ᠤ ᠭᠤᠷᠪᠠᠳᠤᠭᠠᠷ ᠪᠦᠬᠦᠳᠠ ᠬᠤᠷᠠᠯ ᠳᠤ ᠤᠷᠤᠯᠴᠠᠬᠤ ᠵᠤᠬᠢᠰᠳᠠᠢ ᠲᠦᠯᠦᠭᠡᠯᠡᠭᠴᠢ 156 ᠬᠦᠮᠦᠨ᠂ ᠪᠥᠬᠦᠳᠠ ᠬᠤᠷᠠᠯ ᠳᠤ 144 ᠲᠦᠯᠦᠭᠡᠯᠡᠭᠴᠢ ᠤᠷᠤᠯᠴᠠᠵᠥ᠂ ᠬᠠᠤᠯᠢ ᠳᠤ ᠲᠤᠬᠳᠠᠭᠠᠬᠰᠠᠨ ᠬᠥᠮᠥᠨ ᠤ ᠲᠤᠭ᠎ᠠ ᠳᠤ ᠨᠡᠶᠢᠴᠡᠪᠡ᠃    ᠶᠡᠭᠡ ᠬᠤᠷᠠᠯ ᠠᠴᠠ᠂ ︽ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠰᠤᠩᠭᠤᠭᠤᠯᠢ ᠶᠢᠨ ᠠᠷᠭ᠎ᠠ ︵ᠡᠬᠡ ᠨᠤᠤᠷᠠᠭ︶  ︾᠂ ︽ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ  ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠦᠢᠯ ᠳᠤ ᠫᠢᠶᠤᠤ ᠦᠭᠴᠤ ᠲᠤᠭᠳᠠᠭᠠᠬᠤ ᠠᠷᠭ᠎ᠠ ︵ᠡᠬᠡ ᠨᠤᠤᠷᠠᠭ︶︾᠂ ︽ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠶᠡᠷᠦᠩᠬᠡᠢ ᠫᠢᠶᠤᠤ ᠬᠢᠨᠠᠭᠴᠢ᠂ ᠫᠢᠶᠤᠤ ᠬᠢᠨᠠᠭᠴᠢ᠂ ᠶᠡᠷᠦᠩᠬᠡᠢ ᠫᠢᠶᠤᠤ ᠪᠦᠷᠢᠳᠭᠡᠭᠴᠢ᠂ ᠫᠢᠶᠤᠤ ᠪᠦᠷᠢᠳᠭᠡᠭᠴᠢ ᠶᠢᠨ ᠨᠡᠷᠡᠰ ︵ᠡᠬᠡ ᠨᠤᠤᠷᠠᠭ︶  ︾ ᠢ ᠪᠠᠳᠤᠯᠠᠪᠠ᠃ ᠪᠠᠷᠠᠭᠤᠨ ᠦᠵᠦᠮᠦᠴᠢᠨ ᠬᠤᠰᠢᠭᠤᠨ ᠤ ᠠᠷᠪᠠᠨ  ᠵᠢᠷᠭᠤᠳᠤᠭᠠᠷ  ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠢᠬᠦᠨ ᠤ ᠵᠢᠩᠬᠢᠨᠢ ᠵᠢᠱᠢᠭᠳᠡᠭᠴᠢ ᠶᠢᠨ ᠨᠡᠷᠡᠰ ᠢ ᠨᠡᠶᠢᠳᠡᠯᠠᠨ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 1 ᠨᠡᠷ᠎ᠡ ᠭᠡᠰᠢᠭᠦᠨ ᠪᠣᠯᠣᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 2 ᠨᠡᠷ᠎ᠡ ᠳᠡᠳ᠋ ᠬᠤᠰᠢᠭᠤ ᠳᠠᠷᠤᠭ᠎ᠠ  ᠶᠢᠨ ᠰᠤᠩᠭᠤᠭᠤᠯᠢ ᠶᠠᠪᠤᠭᠤᠯᠪᠠ᠃       ᠶᠡᠭᠡ ᠬᠤᠷᠠᠯ ᠠᠴᠠ ᠪᠠᠰᠠ ︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2025 ᠤᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠦᠢᠯ  ︾ ᠢ ᠤᠩᠰᠢᠨ ᠨᠡᠶᠢᠳᠡᠯᠡᠵᠤ ᠂ ᠫᠢᠶᠤᠤ ᠦᠭᠴᠤ ᠲᠤᠭᠳᠠᠭᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号