ᠪᠤᠤ ᠯᠢᠨ᠂ ᠶᠣᠣ ᠬᠤᠩ ᠭᠠᠩ ᠠᠷᠠᠳ ᠤᠨ ᠲᠥᠯᠥᠭᠡᠯᠡᠭᠴᠢᠳ ᠲᠠᠢ ᠶᠠᠷᠢᠯᠴᠠᠪᠠ
ᠨᠡᠶᠢᠲᠡᠯᠡᠭᠰᠡᠨ ᠴᠠᠭ᠄
2025/1/22
   1 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ  ᠪᠤᠤ ᠯᠢᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠯᠥᠳ ᠨᠠᠷ ᠲᠣᠰ ᠲᠣᠰ ᠶᠡᠭᠡ ᠬᠤᠷᠠᠯ ᠤᠨ ᠡᠯ᠎ᠡ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢᠳ ᠲᠠᠢ ᠬᠠᠮᠲᠤ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃    ᠪᠤᠤ ᠯᠢᠨ ᠪᠠᠶᠠᠨᠬᠤᠸᠠ ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤᠪᠠᠷ ᠡᠯ᠎ᠡ ᠵᠦᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃ ᠶᠠᠷᠢᠯᠴᠠᠬᠤ ᠳᠤᠮᠳᠠ᠂ ᠹᠧᠩ ᠵᠢᠶᠧ᠂ ᠵᠠᠮᠪᠠᠯ ᠵᠡᠷᠭᠡ ᠲᠥᠯᠥᠭᠡᠯᠡᠭᠴᠢ ᠠᠮᠢ ᠠᠬᠤᠢ ᠶᠢᠨ ᠬᠠᠮᠠᠭᠠᠯᠠᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ᠂ ᠵᠤᠭᠠᠴᠠᠯ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠤ᠂  ᠪᠤᠤ ᠯᠢᠨ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠨᠢᠭᠡᠳ ᠨᠢᠭᠡ ᠪᠠᠷ ᠬᠠᠷᠢᠭᠤᠯᠲᠠ ᠥᠭᠴᠡᠢ᠃     ᠪᠤᠤ ᠯᠢᠨ᠂ 2024 ᠣᠨ ᠳᠤ᠂ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠪᠦᠬᠦ ᠣᠷᠣᠨ᠂ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠲᠦᠭᠡᠮᠡᠯ ᠬᠠᠷᠠᠭᠠᠯᠵᠠᠯ ᠤᠨ ᠠᠷᠭ᠎ᠠ ᠬᠡᠮᠵᠢᠶ᠎ᠡ ᠪᠠᠷ ᠵᠢᠱᠢᠯᠲᠡ ᠶᠢ ᠲᠣᠭᠲᠠᠪᠤᠷᠢᠵᠢᠭᠤᠯᠵᠤ᠂ ᠢᠲᠡᠭᠡᠯ ᠵᠣᠷᠢᠭ ᠢ  ᠪᠠᠳᠤᠳᠬᠠᠵᠦ᠂ ᠡᠨᠡ ᠨᠢ ᠪᠥᠬᠦ ᠺᠠᠳ᠋ᠷ ᠣᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ ᠥᠬᠡᠶ ᠶᠤᠮ ᠭᠡᠵᠡᠢ᠃    ᠪᠤᠤ ᠯᠢᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠪᠠᠶᠠᠨᠬᠤᠸᠠ ᠪᠠᠯᠭᠠᠰᠤ ᠨᠢ ᠠᠵᠤ ᠦᠢᠯᠡᠰ ᠤᠨ ᠪᠦᠲᠦᠴᠡ ᠶᠢᠨ ᠳᠤᠬᠢᠷᠠᠭᠤᠯᠤᠯᠳᠠ ᠶᠢ ᠲᠦᠷᠭᠡᠳᠬᠡᠵᠦ᠂ ᠮᠠᠯᠴᠢᠳ ᠤᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠵᠣᠷᠢᠭᠵᠢᠭᠤᠯᠤᠨ ᠬᠦᠳᠦᠯᠦᠨ ᠵᠢᠯᠣᠭᠤᠳᠴᠤ᠂ ᠡᠬᠢ ᠪᠠᠶᠠᠯᠢᠭ ᠪᠣᠯᠤᠨ ᠣᠷᠣᠨ ᠪᠠᠶᠢᠷᠢ ᠶᠢᠨ ᠳᠠᠪᠠᠭᠤᠯᠢᠭ ᠢᠶᠠᠨ ᠠᠰᠢᠭᠯᠠᠵᠤ᠂ ᠮᠢᠬᠠᠨ ᠤ ᠦᠬᠡᠷ ᠪᠣᠯᠤᠨ ᠮᠢᠬᠠᠨ ᠤ ᠬᠤᠨᠢ ᠲᠡᠵᠢᠭᠡᠨ ᠦᠷᠡᠵᠢᠭᠦᠯᠬᠦ ᠪᠠ ᠵᠤᠭᠠᠴᠠᠯ ᠵᠡᠷᠭᠡ ᠠᠵᠤ ᠦᠢᠯᠡᠰ ᠢ ᠬᠥᠭᠵᠢᠭᠦᠯᠵᠦ᠂ ᠠᠵᠤ ᠦᠢᠯᠡᠰ ᠤᠨ ᠨᠡᠮᠡᠯᠲᠡ ᠦᠷᠳᠡᠭ ᠢ ᠳᠡᠭᠡᠭᠰᠢᠯᠡᠭᠦᠯᠬᠦ ᠬᠡᠷᠡᠭᠲᠡᠢ  ᠃  ᠮᠠᠯᠴᠢᠳ ᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠬᠠᠮᠢᠶ᠎ᠠ ᠪᠥᠬᠦᠶ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠶᠢ ᠬᠥᠲᠥᠯᠥᠨ ᠵᠢᠯᠣᠭᠤᠳᠴᠤ᠂ ᠮᠠᠯᠴᠢᠨ ᠲᠦᠮᠡᠨ ᠤ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠠᠵᠤ ᠠᠬᠤᠶᠢᠯᠠᠯ ᠬᠢᠭᠡᠳ ᠭᠠᠴᠠᠭᠠᠨ ᠤ ᠨᠢᠭᠲᠠ ᠬᠠᠷᠢᠯᠴᠠᠭ᠎ᠠ ᠶᠢ ᠠᠬᠢᠭᠤᠯᠵᠤ᠂ ᠭᠠᠴᠠᠭᠠᠨ ᠤ ᠨᠡᠶᠢᠲᠡ ᠶᠢᠨ ᠠᠰᠠᠷᠠᠮᠵᠢ ᠳᠤ ᠠᠵᠤ ᠠᠬᠤᠶᠢᠯᠠᠯ ᠤᠨ ᠣᠷᠣᠯᠴᠠᠬᠤ ᠶᠢ ᠠᠬᠢᠭᠤᠯᠥᠨ᠂ ᠬᠠᠷᠢᠶ᠎ᠠ ᠣᠷᠣᠨ ᠤ ᠠᠵᠤ ᠠᠬᠤᠶᠢᠯᠠᠯ ᠣᠯᠠᠨ ᠪᠠᠶᠢᠬᠤ ᠳᠠᠪᠠᠭᠤᠯᠢᠭ ᠢ ᠠᠰᠢᠭᠯᠠᠨ᠂ ᠭᠠᠴᠭᠠᠨ ᠤ ︽ᠬᠤᠶᠠᠷ ᠵᠥᠪᠯᠡᠯ︾ ᠪᠣᠯᠤᠨ ᠨᠤᠲᠤᠭ ᠲᠠᠭᠠᠨ ᠪᠤᠴᠠᠭᠰᠠᠨ ᠤᠶᠤᠲᠠᠳ ᠢ ᠠᠵᠤ ᠠᠬᠤᠶᠢᠯᠠᠯ ᠯᠤᠭ᠎ᠠ ᠵᠣᠯᠭᠠᠭᠤᠯᠬᠤ ᠶᠢ ᠠᠬᠢᠭᠤᠯᠵᠤ᠂ ᠰᠢᠨ᠎ᠡ ᠪᠠᠷ ᠪᠣᠶ ᠪᠣᠯᠤᠭᠰᠠᠨ ᠠᠵᠤ ᠦᠶᠯᠡᠰ ᠢ ᠬᠥᠭᠵᠢᠭᠦᠯᠦᠨ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠭᠡᠷᠡᠭᠲᠠᠢ᠃ ᠺᠠᠳ᠋ᠷᠴᠤᠳ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠶᠳᠪᠦᠷᠢᠯᠡᠵᠦ᠂ ᠮᠠᠯᠴᠢᠳ ᠪᠤᠯᠥᠨ ᠠᠵᠤ ᠠᠬᠤᠶᠢᠯᠠᠯ ᠤᠨ ᠬᠤᠭᠤᠷᠤᠨᠳᠡᠬᠢ ᠵᠥᠷᠢᠴᠡᠯ ᠢ ᠲᠣᠬᠢᠲᠠᠶ ᠰᠠᠶᠢᠲᠤᠷ ᠰᠢᠶᠳᠪᠦᠷᠢᠯᠡᠬᠦ ᠬᠡᠷᠡᠭᠲᠡᠶ᠃ ᠡᠵᠡᠨ ᠬᠥᠮᠦᠨ ᠤ ᠤᠬᠠᠮᠰᠠᠷ ᠢᠶᠠᠨ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠠᠤᠯᠢ ᠶᠣᠰᠣᠭᠠᠷ ᠢᠯᠡ  ᠪᠠᠷ ᠲᠠᠲᠠᠪᠤᠷᠢᠯᠠᠨ ᠨᠤᠷᠠᠭᠠᠵᠤ᠂ ᠴᠢᠬᠤᠯᠠ ᠶᠡᠭᠡ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠪᠠᠯᠭᠠᠰᠤᠨ ᠤ ᠵᠠᠰᠠᠭ ᠤᠨ ᠣᠷᠳᠣᠨ ᠬᠢᠭᠡᠳ ᠬᠠᠮᠢᠶᠠᠷᠤᠯᠲᠠ ᠶᠢᠨ ᠵᠥᠪᠯᠡᠯ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠵᠣᠬᠢᠴᠠᠭᠤᠯᠤᠨ ᠬᠠᠮᠵᠢᠯᠴᠠᠵᠤ᠂ ᠠᠵᠢᠯ ᠤᠨ ᠥᠨᠳᠥᠷ ᠪᠦᠲᠦᠮᠵᠢᠲᠡᠶ ᠪᠠᠷ ᠶᠠᠪᠤᠭᠳᠠᠬᠤ ᠶᠢ ᠪᠠᠲᠤᠯᠠᠬᠤ ᠬᠡᠷᠡᠭᠲᠡᠶ  ᠭᠡᠵᠠᠢ᠃    ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂  ᠬᠤᠰᠢᠭᠤ ᠳᠠᠷᠤᠭ᠎ᠠ ᠶᠣᠣ ᠬᠤᠩ ᠭᠠᠩ ᠪᠠᠯᠭᠠᠷᠭᠤᠤᠯ ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠬᠤ ᠬᠤᠷᠠᠯ ᠳᠤ ᠣᠷᠣᠯᠴᠠᠪᠠ᠃ ᠶᠠᠷᠢᠯᠴᠠᠬᠤ ᠶᠠᠪᠤᠴᠠ ᠳᠤ ᠲᠥᠯᠥᠭᠡᠯᠡᠭᠴᠢᠳ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠣᠭᠤᠷᠢᠨ ᠳᠤ ᠲᠠᠨᠢᠯᠲᠠ ᠪᠠᠨ ᠶᠠᠷᠢᠯᠴᠠᠵᠤ᠂ ᠲᠥᠷᠥᠭᠳᠡᠯ ᠢᠶᠠᠨ ᠬᠤᠪᠢᠶᠠᠯᠴᠠᠨ ᠰᠠᠨᠠᠭᠤᠯᠭ᠎ᠠ ᠪᠠᠨ ᠳᠤᠷᠠᠳᠴᠠᠶ᠃ ᠶᠣᠣ ᠬᠤᠩ ᠭᠠᠩ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠨᠢᠭᠡᠪᠦᠷᠢ ᠶᠢ ᠨᠠᠷᠢᠨ ᠬᠢᠨᠠᠮᠠᠭᠠᠢ ᠰᠣᠨᠣᠰᠴᠤ᠂ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠪᠠ᠃ ᠶᠣᠣ ᠬᠤᠩ ᠭᠠᠩ ᠢᠯᠡᠷᠬᠡᠶᠢᠯᠡᠬᠦ ᠳᠡᠭᠡᠨ᠂ ᠣᠯᠠᠨ ᠢᠶᠠᠷ ᠢᠶᠠᠨ ᠪᠦᠬᠦ ᠬᠤᠰᠢᠭᠤᠨ ᠤ ᠭᠤᠣᠯ ᠠᠵᠢᠯ ᠤᠨ ᠲᠣᠭᠤᠷᠢᠨ ᠳᠤ ᠰᠠᠨᠠᠯ ᠰᠠᠨᠠᠭᠤᠯᠭ᠎ᠠ ᠪᠠᠨ ᠲᠤᠷᠠᠳᠴᠦ᠂ ᠳᠤᠷᠠᠳᠤᠭᠰᠠᠨ ᠠᠰᠠᠭᠤᠳᠠᠯ ᠪᠠ ᠰᠠᠨᠠᠭᠤᠯᠭ᠎ᠠ ᠨᠢ ᠪᠥᠬᠦ ᠲᠠᠯ᠎ᠠ ᠶᠢ ᠬᠠᠮᠤᠷᠠᠭᠰᠠᠨ ᠮᠥᠷᠲᠡᠭᠡᠨ ᠬᠠᠨᠳᠤᠯᠭᠠᠲᠤ ᠴᠢᠨᠠᠷᠲᠠᠶ ᠪᠠᠶᠢᠨ᠎ᠠ᠃ ᠡᠲᠡᠭᠡᠷ ᠰᠠᠶᠢᠨ ᠰᠠᠨᠠᠯ ᠰᠠᠨᠠᠭᠤᠯᠭ᠎ᠠ ᠶᠢ ᠬᠤᠰᠢᠭᠤ ᠵᠠᠰᠠᠭ ᠤᠨ ᠣᠷᠳᠣᠨ ᠨᠢ ᠯᠠᠪᠯᠠᠯᠲᠠ ᠪᠣᠯᠭᠠᠵᠤ᠂ ᠬᠤᠶᠢᠰᠢᠳᠠ ᠶᠢᠨ ᠪᠣᠳᠠᠲᠠᠶ ᠠᠵᠢᠯ ᠳᠠᠭᠠᠨ ᠨᠠᠩ ᠰᠠᠶᠢᠲᠤᠷ ᠠᠭᠤᠰᠤᠯᠴᠠᠭᠤᠯᠬᠤ ᠪᠣᠯᠤᠨ᠎ᠠ᠃ ᠲᠥᠯᠥᠭᠡᠯᠡᠭᠴᠢᠳ ᠥᠩᠭᠡᠷᠡᠭᠰᠡᠨ ᠲᠠᠢ ᠪᠠᠨ ᠠᠳᠠᠯᠢ ᠪᠠᠷ  ᠡᠭᠦᠷᠭᠡ ᠬᠠᠷᠢᠭᠤᠴᠠᠯᠭ᠎ᠠ  ᠪᠠᠨ ᠰᠠᠶᠢᠲᠤᠷ ᠭᠦᠢᠴᠡᠳᠬᠡᠵᠦ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠤᠯᠠᠨ ᠲᠦᠮᠡᠨ ᠤ ᠰᠠᠨᠠᠯ ᠪᠣᠯᠤᠨ ᠬᠦᠰᠡᠯ ᠱᠠᠭᠠᠷᠳᠠᠯᠭ᠎ᠠ ᠶᠢ ᠦᠨᠡᠨᠬᠦ ᠳᠠᠮᠵᠢᠭᠤᠯᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢᠶᠠᠷ ᠵᠠᠮᠨᠠᠵᠤ᠂ ᠳᠤᠮᠳᠠ ᠲᠦᠪᠰᠢᠨ ᠳᠤ ᠣᠷᠣᠬᠤ︾  ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号