1 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠦᠪᠯᠡᠯᠭᠡᠨ ᠤ ᠪᠠᠷᠠᠭᠤᠨ | ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠤᠳᠠᠭᠠᠨ ᠤ | ᠬᠤᠷᠠᠯᠳᠤᠭᠠᠨ ᠬᠤᠶᠠᠳᠤᠭᠠᠷ ᠤᠳᠠᠭᠠᠨ ᠤ ᠪᠦᠬᠦ ᠬᠡᠰᠢᠭᠦᠳ ᠤᠨ ᠬᠤᠷᠠᠯ ᠬᠤᠷᠠᠯᠳᠤᠭᠤᠯᠵᠤ᠂ ᠬᠤᠰᠢᠭᠤ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠭᠠᠨ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠶᠢᠨ ᠲᠡᠳ᠋ ᠲᠠᠷᠤᠭ᠎ᠠ ᠵᠤᠤ ᠭᠦᠸᠧ ᠳ᠋ᠦᠩ ᠂ ᠳᠡᠳ᠋ | ᠲᠡᠷᠢᠭᠦᠯᠡᠭᠴᠢ ᠰᠠᠷᠠᠠᠳᠤᠶᠠᠭ᠎ᠠ᠂ ᠶᠣᠣ ᠬᠠᠢ ᠮᠢᠩ᠂ ᠤᠳᠬᠠᠠᠪᠠᠭᠠᠳᠤᠷ᠂ ᠶᠠᠩ ᠳ᠋ᠦᠩ ᠹᠧᠩ᠂ ᠨᠠᠷᠢᠨ ᠪᠢᠴᠢᠭ ᠤᠨ | ᠳᠠᠷᠤᠭ᠎ᠠ ᠤᠤᠭᠠᠠᠳᠦ᠋ᠭᠦᠷᠡᠩ ᠬᠤᠷᠠᠯ ᠳᠤ ᠤᠷᠤᠯᠴᠠᠪᠠ᠃ | ᠲᠤᠰ ᠤᠳᠠᠭᠠᠨ ᠤ ᠬᠤᠷᠠᠯ ᠳᠤ ᠤᠷᠤᠯᠴᠠᠬᠤ ᠵᠤᠬᠢᠰᠳᠠᠢ ᠬᠡᠰᠢᠬᠦᠨ 122 ᠬᠦᠮᠦᠨ᠂ ᠪᠣᠳᠠᠲᠠᠢ ᠣᠷᠣᠯᠴᠠᠭᠰᠠᠨ | ᠨᠢ 111 ᠬᠦᠮᠦᠨ ᠪᠠᠶᠢᠵᠤ ᠤᠯᠤᠰ ᠲᠦᠷᠦ ᠶᠢᠨ ᠵᠦᠪᠯᠡᠯᠭᠡᠨ ᠤ ᠬᠠᠮᠢᠶ᠎ᠠ ᠪᠦᠬᠦᠢ ᠲᠤᠠᠠᠳᠠᠭᠠᠯ ᠳᠤ ᠨᠡᠶᠢᠴᠡᠭᠰᠡᠨ | ᠪᠠᠶᠢᠨ᠎ᠠ᠃ | ᠬᠤᠰᠢᠭᠤ ᠤᠯᠤᠰ ᠳᠦᠷᠦ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠤᠳᠬᠠᠠᠪᠠᠭᠠᠳᠤᠷ ᠬᠤᠷᠠᠯ ᠡᠷᠭᠢᠯᠠᠪᠠ᠃ | ᠬᠤᠷᠠᠯ ᠳᠤ᠂ ᠬᠤᠰᠢᠭᠤ ᠡᠮᠡᠭᠲᠡᠶᠢᠴᠦᠳ ᠤᠨ ᠬᠤᠯᠪᠣᠭᠠᠨ ᠤ ᠲᠡᠷᠢᠭᠦᠯᠡᠭᠴᠢ ᠠᠯᠳᠠᠠᠬᠤᠸᠠᠷ᠂ ᠬᠤᠰᠢᠭᠤ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠶᠢᠭᠡᠮᠯᠢᠭ ᠤᠨ ᠳᠠᠷᠤᠭ᠎ᠠ ᠭᠠᠩᠪᠠᠭᠠᠲᠤᠷ᠂ ᠬᠤᠰᠢᠭᠤ ᠲᠡᠦᠬᠡ | ᠰᠣᠶᠣᠯ ᠤᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠰᠤᠶᠤᠯᠳᠤ᠂ ᠪᠠᠯᠭᠠᠷᠭᠤᠤᠯ | ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠴᠤᠯᠮᠤᠨ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ | ᠳᠡᠳ᠋ ᠲᠡᠷᠢᠭᠦᠯᠡᠭᠴᠢ ᠰᠡᠴᠡᠡᠬᠤᠸᠠᠷ᠂ ᠵᠢᠷ ᠤᠨ ᠭᠤᠣᠯ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ | ᠤᠶᠠᠩᠭ᠎ᠠ᠂ ᠴᠤᠸᠠᠩ ᠢ ᠴᠡᠴᠡᠷᠯᠢᠭ ᠤᠨ ᠦᠵᠡᠮᠵᠢ ᠶᠢᠨ ᠱᠤᠭᠤᠮᠠᠯ ᠤᠨ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠵᠣᠣ | ᠵᠢᠶᠠᠨ ᠯᠢ᠂ ᠤᠯᠠᠭᠠᠨᠮᠥ᠋ᠴᠢᠷ ᠤᠨ ᠳᠡᠳ᠋ ᠳᠠᠷᠤᠭ᠎ᠠ ᠪᠠᠶᠠᠠᠨᠠᠮᠤᠷ ᠵᠡᠷᠭᠡ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠬᠡᠰᠢᠬᠦᠳ ᠠᠴᠠ ᠭᠡᠷ ᠪᠦᠯᠢ ᠶᠢᠨ ᠬᠥᠮᠦᠵᠢᠯ ᠢ ᠰᠠᠶᠢᠳᠤᠷ ᠠᠳᠬᠤᠵᠤ ᠨᠠᠰᠤᠨ ᠳᠤ ᠥᠯᠥ | ᠭᠦᠷᠦᠭᠰᠡᠳ ᠤᠨ ᠡᠷᠡᠭᠦᠯ ᠮᠡᠨᠳᠦ ᠪᠠᠷ ᠦᠰᠦᠨ ᠪᠣᠶᠢᠵᠢᠬᠤ ᠶᠢ ᠬᠠᠮᠠᠭᠠᠯᠠᠬᠤ᠂ ᠬᠠᠤᠯᠢ ᠴᠠᠭᠠᠵᠠ ᠶᠢ | ᠲᠦᠭᠡᠮᠡᠯᠵᠢᠭᠦᠯᠦᠨ ᠬᠡᠷᠡᠭᠯᠡᠬᠦ ᠪᠠᠷ ᠰᠠᠭᠤᠷᠢ ᠪᠣᠯᠭᠠᠵᠤ ᠨᠡᠶᠢᠭᠡᠮ ᠤᠨ ᠡᠶ᠎ᠡ ᠵᠣᠬᠢᠴᠠᠯ ᠤᠨ ᠪᠠᠬᠢᠯᠡᠯᠳᠡ ᠶᠢ ᠪᠠᠶᠢᠭᠤᠯᠬᠤ᠂ | ᠨᠠᠰᠤᠲᠠᠶᠢᠴᠤᠳ ᠤᠨ ᠤᠳᠬ᠎ᠠ ᠤᠷᠠᠯᠢᠭ ᠤᠨ ᠠᠵᠢᠯ ᠢ ᠰᠠᠶᠢᠲᠤᠷ ᠬᠢᠬᠦ᠂ ᠵᠥᠷᠢᠴᠡᠯ ᠢ ᠡᠶᠡᠳᠡᠭᠦᠯᠬᠦ ᠳᠤ | ᠠᠩᠬᠠᠷᠤᠯ ᠢᠶᠠᠨ ᠲᠦᠪᠯᠡᠷᠡᠭᠦᠯᠦᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠪᠡᠶᠡᠯᠡᠭᠦᠯᠬᠦ᠂ ᠠᠵᠢᠯ | ᠣᠯᠭᠤᠯᠲᠠ ᠶᠢᠨ ᠰᠢᠨ᠎ᠡ ᠪᠠᠶᠢᠳᠠᠯ ᠳᠤ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠳᠤᠯᠠᠬᠤ᠂ ︽ | 1331︾ ᠣᠯᠠᠨ ᠡᠰᠢᠲᠦ ᠬᠠᠮᠲᠤ ᠪᠠᠷ ᠵᠠᠰᠠᠬᠤ ᠵᠠᠭᠪᠤᠷ ᠢᠶᠠᠷ ᠦᠨᠳᠦᠰᠦᠨ ᠱᠠᠲᠤᠨ ᠤ ᠵᠠᠰᠠᠯᠲᠠ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ᠂ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠪᠬᠢ ᠶᠢ ᠴᠢᠩᠭᠠᠳᠬᠠᠵᠤ | ᠵᠢᠭᠤᠯᠴᠢᠯᠠᠯ ᠤᠨ ᠦᠢᠯᠡᠰ ᠢ ᠴᠢᠨᠠᠷ ᠰᠠᠶᠢᠲᠠᠢ ᠬᠦᠭᠵᠢᠬᠦᠯᠬᠦ ᠪᠠ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠥᠮᠦᠵᠢᠯ ᠲᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠰᠡᠳᠦᠪ ᠢᠶᠠᠷ ᠢᠯᠡᠳᠬᠡᠯ ᠬᠢᠪᠡ᠃ | ᠬᠤᠷᠠᠯ ᠳᠤ᠂ 2024 ᠣᠨ ᠤ ᠭᠡᠰᠢᠬᠦᠳ ᠤᠨ ᠰᠠᠨᠠᠯ ᠲᠤᠷᠠᠳᠤᠯᠭ᠎ᠠ ᠶᠢᠨ ᠪᠠᠶᠢᠳᠠᠯ ᠢ ᠨᠡᠶᠢᠳᠡᠯᠡᠵᠦ᠂ ᠤᠯᠤᠰ | ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠡᠰᠢᠬᠦᠨ ᠤ | ᠵᠢᠱᠢᠭᠳᠡᠭᠴᠢ ᠶᠢᠨ ᠰᠠᠨᠠᠭᠤᠯᠭ᠎ᠠ ᠶᠢᠨ ᠨᠠᠷᠡᠰ ︵ᠲᠦᠰᠦᠯ︶ ᠢ ᠲᠠᠨᠢᠯᠴᠠᠭᠤᠯᠵᠤ᠂ ᠶᠡᠭᠡ ᠬᠤᠷᠠᠯ ᠤᠨ ᠰᠤᠩᠭᠤᠭᠤᠯᠢ | ᠶᠢᠨ ᠠᠷᠭ᠎ᠠ ︵ ᠲᠦᠰᠦᠯ ︶ ᠶᠢ ᠤᠩᠰᠢᠨ ᠨᠡᠶᠢᠳᠡᠯᠡᠪᠡ᠃ ᠡᠭᠦᠨ ᠤ ᠬᠠᠮᠳᠤ 2025 ᠤᠨ ᠤ ︽ᠵᠢᠷᠭᠤᠭᠠᠨ | ᠨᠢᠭᠡ︾ ᠬᠡᠰᠢᠬᠦᠨ ᠤ ᠲᠤᠰᠢᠶᠠᠯ ᠢᠶᠠᠨ ᠬᠦᠢᠴᠡᠳᠬᠡᠬᠦ ᠠᠮᠠᠯᠠᠯᠳᠠ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ | ᠪᠠᠶᠢᠨ᠎ᠠ᠃ | |