1 ᠰᠠᠷ᠎ᠠ ᠶᠢᠨ 21 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠪᠠᠯᠭᠠᠰᠤᠨ ᠤ ᠪᠠᠯᠭᠠᠷ | ᠨᠡᠶᠢᠭᠡᠮ ᠲᠣᠭᠤᠷᠢᠭ ᠨᠢ ︽ᠬᠦᠰᠡᠯ ᠵᠡᠭᠦᠳᠦ ᠪᠠᠨ ᠲᠡᠷᠭᠡᠯᠰᠢᠭᠦᠯᠦᠨ ᠴᠠᠭᠠᠨ ᠰᠠᠷ᠎ᠠ ᠶᠢᠨ ᠪᠠᠶᠠᠷ ᠬᠦᠷᠭᠡᠶ᠎ᠡ︾ ᠬᠡᠬᠦ | ᠭᠤᠣᠯ ᠰᠡᠳᠦᠪᠳᠦ ᠨᠡᠶᠢᠭᠡᠮ ᠲᠣᠭᠤᠷᠢᠭ ᠤᠨ ᠪᠠᠭᠠᠴᠤᠳ ᠤᠨ ᠴᠠᠭᠠᠨ ᠰᠠᠷ᠎ᠠ ᠶᠢᠨ ᠦᠳᠡᠰᠢᠯᠡᠭᠡ ᠶᠢ ᠠᠮᠵᠢᠯᠲᠠ ᠲᠠᠢ | ᠶᠠᠪᠣᠭᠳᠠᠭᠤᠯᠣᠯ᠎ᠠ᠃ ᠲᠣᠰ ᠤᠳᠠᠭᠠᠨ ᠤ ᠦᠳᠡᠰᠢᠯᠡᠭᠡ ᠶᠢ ᠪᠠᠯᠭᠠᠷ ᠨᠡᠶᠢᠭᠡᠮ ᠲᠣᠭᠤᠷᠢᠭ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ ᠡᠮᠡᠭᠲᠡᠶᠢᠴᠦᠳ ᠤᠨ ᠬᠤᠯᠪᠣᠭ᠎ᠠ ᠬᠠᠮᠲᠤᠷᠠᠨ ᠡᠷᠭᠢᠯᠡᠵᠦ᠂ | ᠬᠡᠦᠬᠡᠳ ᠪᠠᠭᠠᠴᠣᠣᠯ ᠳᠤ ᠠᠮᠠᠷᠠᠯᠳᠠ ᠶᠢᠨ ᠬᠤᠭᠤᠴᠠᠭᠠᠨ ᠤ ᠬᠠᠶᠢᠷ᠎ᠠ ᠬᠠᠯᠠᠮᠵᠢ ᠶᠢ ᠬᠦᠷᠭᠡᠨ᠂ ᠲᠡᠳᠡᠨ ᠤ ᠡᠷᠡᠭᠦᠯ | ᠮᠡᠨᠳᠦ᠂ ᠠᠮᠤᠷ ᠲᠦᠪᠰᠢᠨ᠂ ᠪᠠᠶᠠᠷ ᠬᠥᠷ ᠲᠠᠢ᠂ ᠤᠳᠬ᠎ᠠ ᠠᠭᠤᠯᠭ᠎ᠠ ᠲᠠᠢ ᠠᠮᠠᠷᠠᠯᠲᠠ ᠪᠠᠨ ᠥᠩᠭᠡᠷᠡᠭᠡᠬᠦ ᠳᠤ | ᠰᠠᠶᠢᠬᠠᠨ ᠪᠣᠯᠣᠮᠵᠢ ᠶᠢ ᠬᠠᠩᠭᠠᠵᠣ ᠦᠭᠴᠡᠢ᠃ | ᠦᠳᠡᠰᠢᠯᠡᠭᠡ ᠨᠢ ᠪᠢᠴᠢᠬᠠᠨ ᠪᠥᠵᠢᠭᠴᠢᠳ ᠤᠨ ︽ᠰᠢᠨ᠎ᠡ ᠵᠢᠯ ᠤᠨ ᠪᠠᠶᠠᠷ︾ ᠤᠨ ᠳᠤᠮᠳᠠ ᠬᠥᠰᠢᠭᠡ ᠪᠠᠨ | ᠰᠡᠬᠦᠵᠦ᠂ ᠬᠡᠦᠬᠡᠳ ᠤᠳ ᠤᠨ ᠬᠤᠷᠴᠠ ᠴᠣᠪᠣᠭᠤᠯᠢᠭ ᠪᠥᠵᠢᠭ ᠤᠨ ᠳᠦᠷᠢ ᠪᠠᠶᠢᠳᠠᠯ᠂ ᠬᠥᠭᠡᠷᠦᠬᠦᠨ ᠴᠢᠷᠠᠢ ᠶᠢᠨ | ᠢᠯᠡᠷᠡᠯ ᠨᠢ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠢ ᠬᠥᠭᠵᠢᠭᠡᠵᠦ᠂ ᠪᠢᠴᠢᠬᠠᠨ ᠲᠠᠭᠤᠴᠢᠳ ᠤᠨ ᠴᠡᠪᠡᠷ | ᠲᠤᠩᠭᠠᠯᠠᠭ ᠬᠤᠭᠤᠯᠠᠢ᠂ ᠪᠦᠵᠢᠭ᠂ ᠣᠷᠠᠨ ᠣᠩᠰᠢᠯᠭ᠎ᠠ ᠨᠢ ᠰᠢᠨ᠎ᠡ ᠵᠢᠯ ᠤᠨ ᠬᠦᠰᠡᠯ ᠵᠥᠩᠨᠡᠯ ᠢᠶᠠᠷ ᠪᠢᠯᠬᠠᠵᠤ᠂ | ᠮᠣᠷᠢᠨ ᠬᠤᠭᠤᠷ᠂ ᠬᠥᠭᠵᠢᠮᠳᠡᠭᠦᠷ᠂ ᠬᠡᠦᠬᠡᠳ ᠤᠳ ᠤᠨ ᠪᠣᠯᠪᠠᠰᠤᠷᠠᠩᠭᠤᠢ ᠤᠷ᠎ᠠ ᠮᠡᠷᠭᠡᠵᠢᠯ ᠨᠢ ᠲᠡᠳᠡᠨ ᠤ | ᠤᠷᠠᠯᠢᠭ ᠤᠨ ᠰᠠᠭᠤᠷᠢ ᠪᠣᠯᠣᠨ ᠣᠷᠮ᠎ᠠ ᠪᠠᠬ᠎ᠠ ᠶᠢ ᠭᠦᠢᠴᠡᠳ ᠬᠠᠷᠠᠭᠤᠯᠵᠣ ᠪᠠᠶᠢᠯ᠎ᠠ᠃ | ᠡᠨᠡ ᠤᠳᠠᠭᠠᠨ ᠤ ᠦᠳᠡᠰᠢᠯᠡᠭᠡ ᠨᠢ ᠬᠡᠦᠬᠡᠳ ᠤᠨ ᠤᠷ᠎ᠠ ᠴᠢᠳᠠᠪᠤᠷᠢ ᠶᠢᠨ ᠦᠵᠡᠭᠦᠯᠦᠯᠭᠡ ᠪᠣᠯᠬᠤ ᠪᠠᠷ ᠪᠠᠷᠠᠬᠤ | ᠦᠭᠡᠢ᠂ ᠨᠡᠩ ᠴᠤ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠦᠨᠳᠦᠰᠦᠲᠡᠨ ᠤ ᠪᠦᠯᠬᠦᠮᠳᠡᠯ ᠨᠥᠬᠦᠷᠯᠡᠯ ᠢ | ᠢᠯᠡᠳᠬᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠᠶᠠᠷ ᠬᠦᠷ ᠲᠠᠢ ᠠᠭᠤᠷ ᠠᠮᠢᠰᠬᠤᠯ ᠤᠨ ᠳᠤᠮᠳᠠ ᠠᠴᠠ | ᠠᠶᠢᠯ ᠬᠦᠷᠰᠢ᠂ ᠨᠡᠶᠢᠭᠡᠮ ᠨᠡᠶᠢᠳᠡ ᠶᠢᠨ ᠬᠠᠯᠠᠭᠤᠨ ᠳᠤᠯᠠᠭᠠᠨ ᠢ ᠮᠡᠳᠡᠷᠡᠭᠰᠡᠨ ᠪᠠᠶᠢᠨ᠎ᠠ᠃ | ᠰᠢᠨ᠎ᠡ ᠨᠢᠭᠡᠨ ᠵᠢᠯ ᠳᠤ᠂ ᠪᠠᠯᠭᠠᠷ ᠨᠡᠶᠢᠭᠡᠮ ᠲᠣᠭᠤᠷᠢᠭ ᠨᠢ ᠦᠷᠭᠦᠯᠵᠢᠯᠡᠨ ᠬᠡᠦᠬᠡᠳ ᠤᠨ ᠪᠤᠶᠢᠵᠢᠯᠲᠠ ᠪᠠ | ᠬᠥᠭᠵᠢᠯᠲᠡ ᠶᠢ ᠬᠠᠯᠠᠮᠵᠢᠯᠠᠨ ᠠᠩᠬᠠᠷᠴᠤ᠂ ︽ᠨᠡᠶᠢᠭᠡᠮ ᠲᠣᠭᠤᠷᠢᠭ ᠤᠨ ᠬᠤᠷᠰᠢᠭᠴᠢ︾ ᠶᠢ ᠬᠤᠯᠪᠣᠵᠤ ᠨᠡᠩ ᠤᠯᠠᠨ | ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠥᠷᠨᠢᠭᠦᠯᠵᠦ᠂ ᠬᠡᠦᠬᠡᠳ ᠲᠤ ᠥᠪᠡᠷ ᠢ ᠪᠠᠨ ᠢᠯᠡᠷᠡᠭᠦᠯᠬᠦ ᠨᠡᠩ ᠤᠯᠠᠨ | ᠠᠵᠠ ᠲᠣᠬᠢᠶᠠᠯ ᠣᠯᠭᠤᠵᠤ᠂ ︽ᠨᠠᠮ ᠳᠠᠭᠠᠨ ᠲᠠᠯᠠᠷᠬᠠᠨ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ | ᠶᠢ ᠡᠳᠦᠷ ᠲᠤᠳᠤᠮ ᠤᠨ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠤ᠂ ᠡᠶ᠎ᠡ ᠵᠣᠬᠢᠴᠠᠩᠭᠤᠢ ᠰᠠᠶᠢᠨ ᠰᠠᠶᠢᠬᠠᠨ | ᠨᠡᠶᠢᠭᠡᠮ ᠲᠣᠭᠤᠷᠢᠭ ᠤᠨ ᠠᠮᠢᠳᠤᠷᠠᠯ ᠢ ᠴᠣᠭᠴᠠᠯᠠᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠭᠦ ᠪᠠᠷ ᠴᠢᠷᠮᠠᠶᠢᠨ | ᠠᠵᠢᠯᠯᠠᠵᠣ ᠪᠠᠶᠢᠨ᠎ᠠ᠃ |