1 ᠰᠠᠷ᠎ᠠ ᠶᠢᠨ 2 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ | ᠤᠯᠠᠭᠠᠨᠬᠠᠳᠠ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠲᠠᠢ ︽ᠠᠵᠢᠯ ᠲᠥᠷᠥᠯ ᠤᠨ | ᠰᠢᠰᠲ᠋ᠧᠮ ᠢᠶᠠᠷ ᠢᠶᠠᠨ ᠬᠠᠮᠵᠢᠯᠴᠠᠬᠤ ︵ᠲᠣᠶᠢᠮᠤ ᠲᠥᠰᠥᠪ︶ ᠵᠥᠪᠯᠡᠯᠴᠡᠭᠡᠷ︾ ᠲᠤ ᠭᠠᠷ ᠤᠨ ᠥᠰᠥᠭ ᠵᠢᠷᠤᠬᠤ | ᠶᠣᠰᠣᠯᠠᠯ ᠶᠠᠪᠤᠭᠤᠯᠪᠠ᠃ ᠬᠠᠮᠵᠢᠯᠴᠠᠭ᠎ᠠ ᠶᠢ ᠵᠢᠩᠬᠢᠨᠢ ᠪᠠᠷ ᠥᠷᠨᠢᠭᠦᠯᠦᠭᠰᠡᠨ ᠤ ᠳᠠᠷᠠᠭ᠎ᠠ᠂ ᠤᠯᠠᠭᠠᠨᠬᠠᠳᠠ | ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠨᠢ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ᠂ ᠰᠠᠯᠠᠭ᠎ᠠ | ᠲᠠᠰᠤᠭ ᠤᠨ ᠪᠦᠲᠦᠭᠡᠨ ᠪᠠᠶᠢᠭᠤᠯᠤᠯᠲᠠ᠂ ᠴᠢᠳᠠᠪᠤᠷᠢᠲᠠᠨ ᠤ ᠬᠥᠮᠥᠵᠢᠯ᠂ ᠰᠢᠨᠵᠢᠯᠡᠬᠦ ᠤᠬᠠᠭᠠᠨ ᠤ ᠰᠤᠳᠤᠯᠭᠠᠨ | ᠵᠢᠭᠠᠨ ᠰᠤᠷᠭᠠᠯᠲᠠ ᠵᠡᠷᠭᠡ ᠲᠠᠯ᠎ᠠ ᠪᠠᠷ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ | ᠶᠢ ᠬᠠᠪᠰᠤᠷᠤᠨ ᠵᠢᠯᠣᠭᠤᠳᠴᠤ᠂ ᠬᠤᠶᠠᠷ ᠲᠠᠯ᠎ᠠ ᠪᠠᠷ ᠢᠶᠠᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠦᠲᠦᠭᠡᠨ | ᠪᠠᠶᠢᠭᠤᠯᠤᠯᠲᠠ ᠶᠢ ᠬᠠᠮᠲᠤᠪᠠᠷ ᠠᠬᠢᠭᠤᠯᠵᠤ᠂ ᠣᠷᠣᠨ ᠪᠦᠰᠡ ᠶᠢᠨ ᠡᠮᠴᠢᠯᠡᠭᠡᠨ ᠤ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠬᠦ ᠪᠣᠯᠣᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠵᠤ᠂ ᠬᠤᠰᠢᠭᠤ | ᠳᠡᠳ᠋ ᠳᠠᠷᠤᠭ᠎ᠠ ᠮᠡᠷᠭᠡᠨᠳᠠᠯᠠᠢ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃ | ᠶᠣᠣ ᠬᠤᠩ ᠭᠠᠩ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠤᠯᠠᠭᠠᠨᠬᠠᠳᠠ | ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠯᠢᠶᠠᠨ ᠬᠤᠸ ᠨᠠᠷ ᠤᠨ ᠰᠢᠨᠵᠢᠯᠡᠨ ᠪᠠᠶᠢᠴᠠᠭᠠᠬᠤ | ᠪᠠᠷ ᠢᠷᠡᠭᠰᠡᠨ ᠳᠤ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠷᠬᠡᠶᠢᠯᠡᠪᠡ᠃ ᠲᠡᠷᠡ ᠵᠢᠭᠠᠬᠤ ᠳᠠᠭᠠᠨ᠂ ᠲᠤᠰ | ᠤᠳᠠᠭᠠᠨ ᠤ ᠵᠥᠪᠯᠡᠯᠴᠡᠭᠡᠷ ᠢ ᠲᠣᠭᠲᠠᠭᠰᠠᠨ ᠨᠢ᠂ ᠮᠠᠨ ᠤ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠰᠠᠶᠢᠨ ᠲᠣᠬᠢᠶᠠᠯ ᠮᠥᠨ᠂ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ᠂ ᠪᠠᠶᠢᠭᠤᠯᠤᠮᠵᠢ ᠨᠢ ᠬᠠᠷᠠᠯᠲᠠ ᠡᠭᠦᠷᠭᠡ ᠶᠢᠨ ᠲᠣᠭᠤᠷᠢᠨ ᠳᠤ ᠬᠠᠮᠵᠢᠯᠴᠠᠭᠠᠨ ᠤ | ᠭᠠᠷᠳᠠᠴᠠ ᠶᠢ ᠣᠨᠣᠪᠴᠢᠲᠠᠢ ᠠᠳᠬᠤᠵᠤ᠂ ᠨᠠᠷᠢᠯᠢᠭ ᠬᠠᠮᠢᠶᠠᠷᠴᠤ᠂ ᠲᠦᠷᠦᠯ ᠵᠦᠢᠯ ᠢᠶᠠᠷ ᠠᠬᠢᠭᠤᠯᠤᠨ᠂ | ᠬᠠᠮᠲᠤᠷᠠᠯᠴᠠᠭᠠᠨ ᠤ ᠵᠦᠢᠯᠡᠰ ᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠠᠷᠠᠭᠤᠨ ᠦᠵᠦᠮᠦᠴᠢᠨ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ | ᠠᠷᠠᠳ ᠣᠯᠠᠨ ᠤ ᠣᠶᠢᠷ᠎ᠠ ᠬᠠᠪᠢ ᠳᠠᠭᠠᠨ ᠡᠮᠴᠢᠯᠡᠭᠦᠯᠬᠦ ᠳᠤ ᠳᠦᠭᠦᠮ ᠨᠦᠭᠦᠴᠡᠯ ᠢ ᠬᠠᠩᠭᠠᠵᠤ᠂ ᠥᠨᠳᠥᠷ ᠦᠷ᠎ᠡ | ᠪᠦᠲᠦᠮᠵᠢᠲᠡᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠡᠳ᠋ᠯᠡᠭᠦᠯᠵᠦ᠂ ᠪᠠᠷᠠᠭᠤᠨ ᠦᠵᠦᠮᠦᠴᠢᠨ | ᠬᠤᠰᠢᠭᠤᠨ ᠤ ᠠᠷᠠᠳ ᠲᠦᠮᠡᠨ ᠤ ᠡᠷᠡᠭᠦᠯ ᠮᠡᠨᠳᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ | ᠭᠡᠵᠡᠢ᠃ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠᠬᠢᠵᠦ᠂ ᠬᠠᠮᠢᠶ᠎ᠠ ᠪᠦᠬᠦᠢ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠯᠢᠶᠠᠨ ᠬᠤᠤ ᠬᠤᠷᠢᠶᠠᠨ ᠳᠠᠷᠤᠭ᠎ᠠ ᠠᠴᠠ ᠪᠠᠷᠠᠭᠤᠨ ᠦᠵᠦᠮᠦᠴᠢᠨ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠲᠤ ᠬᠤᠭᠤᠴᠠᠭᠠᠨ ᠤ ᠲᠤᠷᠰᠢ ᠡᠮ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠭᠰᠡᠨ ᠢ | ᠳᠡᠭᠡᠳᠦ ᠬᠡᠮᠵᠢᠶ᠎ᠡ ᠪᠠᠷ ᠬᠥᠨᠳᠥᠳᠬᠡᠨ ᠰᠠᠶᠢᠰᠢᠶᠠᠵᠤ ᠪᠠᠶᠢᠬᠤ ᠪᠠᠨ ᠢᠯᠡᠳᠬᠡᠵᠦ᠂ ᠬᠤᠶᠠᠷ ᠲᠠᠯ᠎ᠠ ᠪᠠᠷ ᠢᠶᠠᠨ | ᠰᠣᠯᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠬᠠᠮᠵᠢᠯᠴᠠᠬᠤ | ᠠᠷᠭ᠎ᠠ ᠬᠡᠮᠵᠢᠶ᠎ᠡ ᠪᠠᠨ ᠪᠠᠷᠠᠭᠤᠨ ᠦᠵᠦᠮᠦᠴᠢᠨ ᠬᠤᠰᠢᠭᠤᠨ ᠤ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠶ | ᠵᠣᠯᠭᠠᠭᠤᠯᠬᠤ ᠶᠢ ᠪᠠᠲᠤᠯᠠᠵᠤ᠂ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ | ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠷᠠᠭᠤᠨ ᠦᠵᠦᠮᠦᠴᠢᠨ | ᠬᠤᠰᠢᠭᠤᠨ ᠤ ᠠᠷᠠᠳ ᠲᠦᠮᠡᠨ ᠳᠤ ᠨᠠᠩ ᠰᠢᠯᠢᠳᠡᠭ᠂ ᠨᠠᠩ ᠥᠨᠳᠥᠷ ᠪᠦᠲᠦᠮᠵᠢᠲᠡᠶ ᠡᠮᠴᠢᠯᠡᠭᠡᠨ ᠤ ᠦᠢᠯᠡᠴᠢᠯᠡᠭᠡ | ᠬᠠᠩᠭᠠᠬᠤ ᠶᠢ ᠬᠦᠰᠡᠵᠦ ᠪᠠᠶᠢᠨ᠎ᠠ ᠭᠡᠵᠡᠢ᠃ | | |