ᠪᠠᠷᠠᠭᠤᠨ ᠦᠵᠦᠮᠦᠴᠢᠨ ᠬᠤᠰᠢᠭᠤ᠄  ᠮᠠᠯᠴᠢᠳ ᠠᠵᠤ ᠠᠬᠤᠶᠢᠯᠠᠯ ᠭᠠᠷ ᠬᠤᠯᠪᠣᠨ ᠰᠢᠨ᠎ᠡ ᠵᠢᠯ ᠢᠶᠠᠨ ᠤᠭᠲᠤᠵᠤ᠂ ᠪᠦᠯᠬᠦᠮᠳᠡᠯ ᠤᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ
ᠨᠡᠶᠢᠲᠡᠯᠡᠭᠰᠡᠨ ᠴᠠᠭ᠄
2025/1/3
     12 ᠰᠠᠷ᠎ᠠ ᠶᠢᠨ 31 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠣᠯ ᠪᠠᠯᠭᠠᠰᠤ ᠪᠣᠯᠣᠨ ᠪᠠᠷᠠᠭᠤᠨ ᠦᠵᠦᠮᠦᠴᠢᠨ ᠬᠤᠰᠢᠭᠤᠨ ᠤ ᠶᠢᠨ ᠮᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠲᠤᠷᠠᠨ ︽ᠡᠯ᠎ᠡ ᠦᠨᠳᠦᠰᠦᠲᠡᠨ ᠬᠠᠷᠢᠯᠴᠠᠨ ᠪᠥᠯᠬᠦᠮᠳᠡᠵᠤ ᠨᠢᠭᠡ ᠭᠡᠷ ᠪᠥᠯᠢ ᠮᠡᠲᠦ ᠲᠣᠳᠣᠨᠣ ᠮᠠᠯᠴᠢᠳ ᠠᠵᠤ ᠠᠬᠤᠶᠢᠯᠠᠯ ᠭᠠᠷ ᠬᠤᠯᠪᠣᠯᠴᠠᠨ ᠬᠠᠮᠲᠣᠪᠠᠷ ᠣᠷᠣᠭᠰᠢᠯᠠᠶ᠎ᠠ︾ ᠰᠢᠨ᠎ᠡ ᠵᠢᠯ ᠢ ᠤᠭᠲᠤᠬᠤ ᠬᠠᠮᠲᠤᠷᠠᠭᠰᠠᠨ ᠠᠵᠢᠯᠯᠠᠭ᠎ᠠ ᠡᠷᠭᠢᠯᠡᠵᠦ᠂ ᠵᠢᠷ ᠤᠨ ᠭᠤᠣᠯ ᠪᠠᠯᠭᠠᠰᠤᠨ ᠤ ᠵᠠᠰᠠᠭ ᠤᠨ ᠣᠷᠳᠣᠨ ᠵᠢᠴᠢ ᠶᠢᠨ ᠮᠠᠨ ᠠᠭᠤᠷᠬᠠᠢ ᠶᠢᠨ ᠦᠢᠯᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠰ ᠠᠵᠢᠯᠯᠠᠭ᠎ᠠ ᠳᠤ ᠣᠷᠣᠯᠴᠠᠵᠠᠢ᠃      ᠠᠵᠢᠯᠯᠠᠭ᠎ᠠ ᠨᠢ ︽ᠨᠢᠭᠡ ᠲᠠᠩᠬᠢᠮ ᠳᠤ ᠴᠤᠭᠯᠠᠷᠠᠯ᠎ᠠ︾ ᠭᠡᠬᠦ ᠪᠥᠵᠢᠭ ᠤᠨ ᠳᠣᠮᠳᠠ ᠬᠥᠰᠢᠭᠡ ᠪᠠᠨ ᠰᠡᠬᠦᠵᠦ᠂ ᠪᠥᠵᠢᠭᠴᠢᠳ ᠤᠶᠠᠨ ᠬᠦᠳᠡᠯᠭᠡᠭᠡᠨ᠂ ᠢᠨᠢᠶᠡᠮᠰᠦᠭᠯᠡᠯ ᠨᠢ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠤᠷᠣᠮᠬᠠᠨ ᠵᠠᠭᠤᠷ᠎ᠠ ᠬᠥᠭᠵᠢᠭᠡᠵᠦ᠂ ᠮᠠᠯᠴᠢᠳ ᠠᠵᠤ ᠠᠬᠤᠶᠢᠯᠠᠯ ᠨᠢᠭᠡ ᠭᠡᠷ ᠤᠨ ᠬᠥᠮᠥᠨ ᠮᠡᠲᠦ ᠪᠠᠶᠠᠷ ᠬᠦᠷ ᠲᠠᠢ ᠠᠭᠤᠷ ᠠᠮᠢᠰᠬᠤᠯ ᠢ ᠢᠯᠡᠷᠡᠭᠦᠯᠪᠡ᠃ ︽ᠬᠥᠯᠥᠨ ᠪᠤᠶᠢᠷ ᠤᠨ ᠲᠠᠯ᠎ᠠ ᠨᠤᠲᠤᠭ︾ ᠭᠡᠬᠦ ᠭᠤᠴᠣᠯᠠᠯ ᠬᠥᠭᠵᠢᠮ ᠨᠢ ᠲᠠᠯ᠎ᠠ ᠨᠤᠲᠤᠭ ᠤᠨ ᠬᠠᠶᠢᠷ᠎ᠠ ᠰᠡᠳᠬᠢᠯᠭᠡ ᠶᠢ ᠢᠯᠡᠷᠡᠭᠦᠯᠵᠤ᠂ ᠠᠶᠠᠭᠠᠨ ᠪᠥᠵᠢᠭ ᠨᠢ ᠦᠨᠳᠦᠰᠦᠲᠡᠨ ᠤ ᠵᠠᠩ ᠦᠢᠯᠡ   ᠶᠢ ᠪᠦᠷᠢᠨ ᠬᠠᠷᠠᠭᠤᠯᠣᠨ᠎ᠠ᠃      ᠡᠭᠦᠨ ᠤ ᠬᠠᠮᠲᠤ᠂ ᠠᠵᠢᠯᠯᠠᠭ᠎ᠠ ᠳᠤ ᠪᠠᠰᠠ ᠦᠨᠳᠦᠰᠦᠲᠡᠨ ᠤ ᠪᠦᠯᠬᠦᠮᠳᠡᠯ ᠤᠨ ᠲᠣᠬᠠᠢ ᠠᠰᠠᠭᠤᠯᠲᠠ ᠬᠠᠷᠢᠭᠤᠯᠲᠠ ᠶᠢ ᠳᠣᠬᠢᠷᠠᠭᠤᠯᠵᠣ᠂ ᠬᠥᠲᠥᠯᠥᠭᠴᠢ ᠠᠴᠠ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠵᠡᠷᠭᠡ ᠲᠠᠯ᠎ᠠ ᠶᠢᠨ ᠠᠯᠢ ᠣᠯᠠᠨ ᠠᠰᠠᠭᠤᠯᠲᠠ‌‍ᠶᠢ ᠳᠤᠷᠠᠳᠤᠭᠰᠠᠨ ᠳᠤ ᠮᠠᠯᠴᠢᠳ ᠪᠠ ᠠᠵᠢᠯᠲᠠᠨ ᠠᠵᠢᠯᠴᠢᠳ ᠢᠳᠡᠪᠬᠢᠲᠡᠢ ᠪᠠᠷ ᠵᠠᠪᠳᠤᠨ ᠬᠠᠷᠢᠭᠤᠯᠵᠤ᠂ ᠣᠯᠠᠨ ᠤ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢᠨ ᠲᠤᠬᠠᠢ ᠣᠶᠢᠯᠠᠭᠠᠯᠲᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠦᠨᠳᠦᠰᠦᠲᠡᠨ ᠤ ᠪᠦᠯᠬᠦᠮᠳᠡᠯ ᠪᠣᠯ ᠨᠢᠭᠡ ᠭᠡᠷ ᠤᠨ ᠬᠥᠮᠥᠨ ᠮᠡᠲᠦ ᠳᠣᠲᠣᠨᠣ ᠭᠡᠬᠦ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠤᠭᠰᠠᠨ ᠪᠠᠶᠢᠨ᠎ᠠ᠃      ᠲᠣᠰ ᠣᠳᠠᠭᠠᠨ ᠤ ᠠᠵᠢᠯᠯᠠᠭ᠎ᠠ ᠪᠣᠯ ᠨᠢᠭᠡ ᠣᠳᠠᠭᠠᠨ ᠤ ᠪᠠᠶᠠᠷ ᠬᠦᠷ ᠲᠠᠢ ᠴᠤᠭᠯᠠᠷᠠᠯ᠂ ᠨᠢᠭᠡ ᠣᠳᠠᠭᠠᠨ ᠤ ᠰᠣᠶᠣᠯ ᠤᠨ ᠠᠭᠤᠰᠤᠯᠴᠠᠯ᠂ ᠨᠡᠩ ᠴᠤ ᠦᠨᠳᠦᠰᠦᠲᠡᠨ ᠤ ᠪᠦᠯᠬᠦᠮᠳᠡᠯ ᠪᠣᠯᠣᠨ ᠮᠠᠯᠴᠢᠳ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠠᠮᠢᠳᠤᠯᠢᠭ ᠦᠢᠯᠡᠳᠦᠯᠭᠡ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂  ᠵᠢᠷ  ᠤᠨ ᠭᠤᠣᠯ ᠪᠠᠯᠭᠠᠰᠤ ᠪᠣᠯᠣᠨ ᠪᠠᠷᠠᠭᠤᠨ ᠦᠵᠦᠮᠦᠴᠢᠨ ᠬᠤᠰᠢᠭᠤᠨ ᠤ ᠶᠢᠨ ᠮᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠦᠯᠬᠦᠮᠳᠡᠨ ᠲᠡᠮᠡᠴᠡᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠲᠠᠯ᠎ᠠ ᠨᠣᠲᠤᠭ ᠲᠤ ᠡᠭᠦᠷᠢᠳᠡ ᠳᠡᠯᠭᠡᠷᠡᠭᠦᠯᠵᠦ᠂  ᠮᠠᠯᠴᠢᠳ ᠠᠵᠤ ᠠᠬᠤᠶᠢᠯᠠᠯ ᠤᠨ ᠭᠠᠷ ᠬᠤᠯᠪᠣᠯᠴᠠᠬᠤ ᠬᠦᠴᠦᠨ ᠢ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠦᠷ ᠪᠤᠯᠭᠠᠵᠤ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号