1 ᠰᠠᠷ᠎ᠡ ᠶᠢᠨ 4 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ︽99 | ᠠᠶᠠᠯᠠᠯ ᠤᠨ ᠱᠤᠭᠤᠮ ᠬᠤᠨᠳᠠᠭᠠᠳᠣ︾ ᠠᠬᠠᠮᠠᠳ ᠲᠠᠮᠢᠷᠴᠢᠳ ᠤᠨ ᠲᠠᠪᠤᠨ ᠬᠥᠮᠥᠨ ᠤ ᠳᠦᠷᠢᠮᠲᠦ ᠬᠥᠯ | ᠪᠥᠮᠪᠦᠭᠡ ᠶᠢᠨ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠦᠭᠡ ᠶᠢᠨ ᠣᠷᠳᠣᠨ ᠳᠤ | ᠠᠮᠵᠢᠯᠲᠠ ᠲᠠᠢ ᠥᠨᠳᠥᠷᠯᠡᠪᠡ︕ | | ᠳᠥᠷᠪᠡᠨ ᠡᠳᠦᠷ ᠤᠨ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠤᠷᠤᠯᠳᠤᠭᠠᠨ ᠳᠤ | ᠣᠷᠣᠯᠴᠠᠭᠰᠠᠨ 15 ᠠᠩᠭᠢ ᠶᠢᠨ ᠲᠠᠮᠢᠷᠴᠢᠳ ᠨᠢ ᠣᠷ᠎ᠠ ᠮᠠᠷᠬᠡᠵᠢᠯ ᠢᠶᠠᠨ ᠭᠠᠶᠢᠬᠠᠭᠤᠯᠤᠨ᠂ ᠰᠢᠯᠤᠭᠤᠨ ᠬᠥᠪᠡᠭᠡᠲᠦ | ᠴᠠᠭᠠᠨ ᠬᠤᠰᠢᠭᠤᠨ ᠤ ᠬᠦᠯ ᠪᠦᠮᠪᠦᠬᠡᠨ ᠤ ᠠᠩᠭᠢ ᠲᠠᠷᠢᠬᠦᠯᠠᠵᠦ᠂ ᠤᠯᠠᠭᠠᠨᠬᠠᠳᠠ ᠬᠤᠲᠠ ᠶᠢᠨ ᠬᠤᠩ ᠱᠠᠨ | ᠵᠢᠶᠦ᠋ᠨ ᠤ ᠬᠦᠯ ᠪᠦᠮᠪᠦᠬᠡᠨ ᠤ ᠠᠩᠭᠢ ᠬᠤᠶᠠᠳᠤᠭᠠᠷ ᠲᠤ ᠣᠷᠣᠵᠤ᠂ ᠰᠢᠯᠢ ᠶᠢᠨ ᠭᠤᠣᠯ ᠬᠤᠲᠠ ᠶᠢᠨ ᠴᠢᠨᠳᠠᠮᠤᠨᠢ | ᠬᠦᠯ ᠪᠦᠮᠪᠦᠬᠡᠨ ᠤ ᠠᠩᠭᠢ ᠭᠤᠷᠪᠠᠳᠤᠭᠠᠷ ᠲᠤ ᠣᠷᠣᠵᠠᠢ᠃ | | | | ᠡᠨᠡ ᠣᠳᠠᠭᠠᠨ ᠤ ᠬᠥᠯ ᠪᠥᠮᠪᠦᠭᠡ ᠶᠢᠨ ᠤᠷᠤᠯᠳᠤᠭᠠᠨ ᠨᠢ ᠠᠬᠠᠮᠠᠳ ᠲᠠᠮᠢᠷᠴᠢᠳ ᠲᠤ ᠬᠠᠷᠢᠯᠴᠠᠨ | ᠰᠣᠷᠣᠯᠴᠠᠨ ᠬᠠᠮᠳᠣ ᠪᠠᠷ ᠲᠠᠪᠰᠢᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠪᠠᠷᠠᠭᠤᠨ ᠦᠵᠦᠮᠦᠴᠢᠨ | ᠬᠤᠰᠢᠭᠤᠨ ᠤ ᠬᠥᠯ ᠪᠥᠮᠪᠦᠭᠡ ᠶᠢᠨ ᠬᠥᠭᠵᠢᠯᠲᠡ ᠳᠤ ᠲᠦᠯᠬᠢᠴᠠ ᠬᠦᠴᠦᠨ ᠨᠠᠮᠠᠷᠢᠯᠡᠭᠰᠠᠨ ᠪᠠᠶᠢᠨ᠎ᠠ᠃ | ᠤᠷᠤᠯᠳᠤᠭᠠᠨ ᠤ ᠲᠠᠯᠠᠪᠠᠶ ᠠᠴᠠ ᠭᠠᠳᠠᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ᠥᠩᠭᠡ | ᠦᠵᠡᠮᠵᠢ᠂ ᠥᠪᠡᠷᠮᠢᠴᠡ ᠣᠨᠴᠠᠯᠢᠭ ᠲᠠᠢ ᠵᠠᠩ ᠦᠶᠯᠡ ᠨᠢ ᠤᠷᠤᠯᠳᠤᠭᠠᠨ ᠳᠤ ᠤᠷᠤᠯᠴᠠᠭᠰᠠᠨ ᠲᠠᠮᠢᠷᠴᠢᠳ ᠪᠠ | ᠦᠵᠡᠭᠴᠢᠳ ᠤᠨ ᠠᠩᠬᠠᠷᠣᠯ ᠢ ᠲᠠᠳᠠᠨ ᠂ ᠲᠠᠳᠠᠨᠠᠷ ᠲᠤᠬᠠᠢ ᠶᠢᠨ ᠭᠠᠵᠠᠷ ᠤᠨ ᠵᠠᠩ ᠦᠶᠯᠡ ᠶᠢ ᠪᠠᠶᠠᠴᠢᠯᠠᠨ | ᠦᠢᠯᠠᠭᠠᠵᠦ ᠂ ᠤᠷᠤᠨ ᠨᠤᠳᠤᠭ ᠤᠨ ᠭᠠᠳᠠᠭᠰᠢ ᠤᠬᠠᠭᠤᠯᠭ᠎ᠠ ᠶᠢ ᠠᠬᠢᠭᠤᠯᠪᠠ ᠃ | | | | | | | | |