ᠦᠵᠡᠰᠬᠦᠯᠡᠩᠲᠦ ᠰᠠᠶᠢᠬᠠᠨ ᠪᠠᠷᠠᠭᠤᠨ ᠦᠵᠦᠮᠦᠴᠢᠨ ᠤ ᠲᠠᠯ᠎ᠠ ᠨᠤᠲᠤᠭ ᠲᠤ᠂ ᠴᠢᠨ ᠶᠤᠸᠠᠨ ᠮᠢᠬᠠᠨᠦ ᠦᠢᠯᠡᠰ ᠤᠨ | ᠬᠢᠵᠠᠭᠠᠷᠲᠤ ᠺᠣᠮᠫᠠᠨᠢ ᠦᠨᠡᠨᠴᠢ ᠢᠲᠡᠭᠡᠮᠵᠢᠲᠡᠢ ᠪᠠᠷ ᠰᠠᠭᠤᠷᠢ ᠪᠣᠯᠭᠠᠵᠤ᠂ ᠲᠦᠭ ᠲᠦᠮᠡᠨ ᠠᠶᠢᠯ ᠡᠷᠦᠬᠡ ᠶᠢᠨ ᠬᠤᠭᠤᠯᠠᠨ | ᠰᠢᠷᠡᠭᠡᠨ ᠳᠡᠭᠡᠷᠡᠬᠢ ︽ᠠᠮᠤᠷ ᠲᠦᠪᠰᠢᠨ︾ ᠢ ᠰᠠᠬᠢᠨ ᠬᠠᠮᠠᠭᠠᠯᠠᠵᠤ ᠪᠠᠶᠢᠨ᠎ᠠ᠃ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ | ᠨᠡᠶᠢᠲᠡᠯᠢᠭ ᠵᠢᠱᠢᠶ᠎ᠡ ᠪᠣᠯᠬᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠤᠯᠠᠨ ᠵᠢᠯ ᠤᠨ ᠲᠤᠷᠰᠢ᠂ ︽ᠪᠣᠳᠠᠲᠠᠢ ᠶᠢ | ᠡᠷᠬᠢᠮᠯᠡᠬᠦ᠂ ᠰᠢᠨ᠎ᠡ ᠶᠢ ᠡᠭᠦᠳᠬᠦ᠂ ᠥᠷᠢᠰᠦᠯᠳᠦᠬᠦ᠂ ᠳᠠᠪᠠᠭ᠋ᠤ︾ ᠠᠵᠤ ᠠᠬᠤᠶᠢᠯᠠᠯ ᠤᠨ ᠵᠣᠷᠢᠭ ᠰᠠᠨᠠᠭ᠎ᠠ ᠶᠢ ᠢᠮᠠᠭᠲᠠ | ᠪᠠᠷᠢᠮᠲᠠᠯᠠᠵᠤ᠂ ᠦᠢᠯᠡᠳᠬᠦᠨ ᠤ ᠶᠠᠰᠤ ᠴᠢᠨᠠᠷ ᠢ ᠠᠵᠤ ᠠᠬᠤᠶᠢᠯᠠᠯ ᠤᠨ ᠬᠥᠭᠵᠢᠯᠲᠡ ᠶᠢᠨ ᠠᠮᠢᠨ ᠰᠤᠳᠠᠰᠤ ᠪᠣᠯᠭᠠᠵᠤ᠂ | ᠴᠢᠩᠭ᠎ᠠ ᠪᠠᠷᠢᠮᠵᠢᠶ᠎ᠠ ᠪᠠᠷ ᠦᠢᠯᠡᠳᠪᠦᠷᠢᠯᠡᠯ ᠤᠨ ᠪᠦᠬᠦ ᠶᠠᠪᠤᠴᠠ ᠶᠢ ᠡᠵᠡᠮᠳᠡᠵᠦ᠂ ᠭᠠᠷᠮᠠᠭᠠᠢ ᠶᠠᠰᠤ ᠴᠢᠨᠠᠷ ᠢᠶᠠᠷ ᠬᠡᠷᠡᠭᠯᠡᠭᠴᠢᠳ | ᠤᠨ ᠢᠲᠡᠭᠡᠯ ᠪᠠ ᠮᠠᠭᠲᠠᠭᠠᠯ ᠢ ᠣᠯᠣᠭᠰᠠᠨ ᠪᠠᠶᠢᠨ᠎ᠠ᠃ | ᠬᠥᠭᠵᠢᠯᠲᠡ ᠶᠢᠨ ᠵᠠᠮ ᠢ ᠡᠷᠭᠢᠴᠡᠭᠦᠯᠵᠦ ᠦᠵᠡᠪᠡᠯ᠂ 2007 ᠣᠨ ᠠᠴᠠ ᠡᠬᠢᠯᠡᠨ᠂ ᠠᠩᠬ᠎ᠠ ᠡᠬᠢᠨ ᠳᠡᠭᠡᠨ | 20 ᠲᠣᠨ ᠬᠠᠳᠠᠭᠠᠯᠠᠬᠤ ᠴᠢᠳᠠᠪᠤᠷᠢ ᠲᠠᠢ ᠪᠠᠶᠢᠭᠰᠠᠨ ᠪᠢᠴᠢᠯ ᠬᠡᠯᠪᠡᠷᠢ ᠶᠢᠨ ᠬᠦᠢᠲᠡᠨ ᠬᠥᠮᠥᠷᠭᠡ ᠠᠴᠠ ᠡᠬᠢᠯᠡᠨ᠂ ᠣᠲᠣ | ᠪᠣᠯᠲᠠᠯ᠎ᠠ ᠨᠢᠲᠤᠯᠬᠤ᠂ ᠪᠣᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠪᠣᠯᠵᠤ᠂ | ᠡᠳᠦᠷ ᠲᠤ 1500 ᠬᠤᠨᠢ᠂ 200 ᠦᠬᠡᠷ ᠠᠯᠠᠵᠤ᠂ ᠡᠳᠦᠷ ᠲᠤ 50 ᠲᠣᠨ ᠬᠥᠯᠳᠡᠭᠡᠵᠦ᠂ ᠬᠠᠳᠠᠭᠠᠯᠠᠬᠤ ᠴᠢᠳᠠᠪᠤᠷᠢ ᠨᠢ | 1000 ᠲᠣᠨ ᠳᠤ ᠬᠦᠷᠴᠦ᠂ ᠨᠠᠩ ᠴᠤ ᠠᠶᠢᠮᠠᠭ ᠤᠨ ᠲᠠᠰ ᠤᠨ ᠨᠠᠷᠠᠲᠤ ᠲᠡᠮᠳᠡᠭᠲᠦ ︽ᠴᠢᠨ ᠶᠤᠸᠠᠨ︾ ᠢ ᠡᠭᠦᠳᠴᠦ᠂ | ᠵᠠᠬ᠎ᠠ ᠳᠡᠯᠭᠡᠭᠦᠷ ᠤᠨ ᠤᠷᠤᠰᠬᠠᠯ ᠤᠨ ᠲᠦᠷᠦᠭᠦᠨ ᠳᠤ ᠬᠡᠷᠡᠯ ᠭᠢᠯᠪᠠᠭ᠎ᠠ ᠪᠠᠨ ᠰᠠᠴᠤᠷᠠᠭᠤᠯᠤᠭᠰᠠᠨ ᠪᠠᠶᠢᠨ᠎ᠠ᠃ | ᠬᠤᠰᠢᠭᠤ ᠵᠠᠰᠠᠭ ᠤᠨ ᠣᠷᠳᠣᠨ ᠤ ᠲᠦᠷᠦ ᠶᠢᠨ ᠪᠣᠳᠣᠯᠭ᠎ᠠ ᠶᠢᠨ ᠲᠤᠷᠤᠨ᠎ᠠ ᠶᠢᠨ ᠰᠠᠯᠬᠢᠨ ᠳᠤ ᠰᠠᠭᠤᠵᠤ᠂ ᠲᠤᠰ | ᠨᠤᠲᠤᠭ ᠤᠨ ᠢᠶᠠᠨ ᠭᠤᠣᠯᠳᠠᠯᠭ᠎ᠠ ᠲᠠᠢ ᠪᠣᠶᠢᠵᠢᠭᠤᠯᠤᠭᠰᠠᠨ ᠮᠠᠯ ᠤᠨ ᠠᠰᠢᠭ ᠰᠢᠮ᠎ᠡ ᠶᠢᠨ ᠲᠣᠯᠣᠭᠠᠶᠢᠯᠠᠭᠴᠢ ᠠᠵᠤ | ᠠᠬᠤᠶᠢᠯᠠᠯ ᠪᠣᠯᠤᠭᠰᠠᠨ ᠤ ᠬᠤᠪᠢ ᠳᠤ᠂ ᠲᠤᠰ ᠺᠣᠮᠫᠠᠨᠢ ᠠᠯᠤᠰ ᠬᠤᠯᠠ ᠶᠢᠨ ᠵᠣᠷᠢᠯᠲᠠ ᠳᠤ ᠰᠠᠭᠤᠷᠢᠯᠠᠵᠤ᠂ ᠠᠯᠢ ᠡᠷᠲᠡ | ᠦᠢᠯᠡᠰ ᠪᠣᠰᠬᠠᠬᠤ ᠡᠬᠢᠨ ᠤ ᠬᠤᠭᠤᠴᠠᠭᠠᠨ ᠳᠤ ᠲᠤᠬᠠᠢ ᠶᠢᠨ ᠭᠠᠵᠠᠷ ᠤᠨ ᠮᠠᠯᠴᠢᠳ ᠲᠠᠢ ᠭᠠᠷ ᠬᠤᠯᠪᠣᠨ ︽ᠨᠢᠭᠡ | ᠴᠣᠭᠴᠠᠵᠢᠭᠤᠯᠤᠭᠰᠠᠨ︾ ᠡᠵᠡᠩᠨᠡᠯᠲᠡ ᠶᠢᠨ ᠵᠠᠭᠪᠤᠷ ᠢ ᠪᠠᠶᠢᠭᠤᠯᠤᠭᠰᠠᠨ ᠪᠠᠶᠢᠨ᠎ᠠ᠃ ᠮᠠᠯᠴᠢᠳ ᠮᠠᠯ ᠲᠡᠵᠢᠭᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠨᠢ ᠦᠢᠯᠡᠳᠪᠦᠷᠢᠯᠡᠬᠦ᠂ ᠡᠳ᠋ᠰᠢᠭᠦᠯᠬᠦ ᠪᠠ ᠪᠣᠷᠣᠯᠠᠭᠤᠯᠬᠤ ᠬᠦᠨᠳᠦ | ᠡᠭᠦᠷᠭᠡ ᠶᠢ ᠪᠦᠬᠦ ᠬᠦᠴᠦᠨ ᠢᠶᠠᠷ ᠢᠶᠠᠨ ᠡᠭᠦᠷᠭᠡᠯᠡᠵᠦ᠂ ︽ᠲᠡᠵᠢᠭᠡᠪᠦᠷᠢ ᠶᠢᠨ ᠡᠬᠢ ᠰᠤᠷᠪᠤᠯᠵᠢ ᠠᠴᠠ ᠬᠤᠭᠤᠯᠠᠨ | ᠰᠢᠷᠡᠭᠡᠨ ᠳᠤ ᠬᠦᠷᠲᠡᠯ᠎ᠡ︾ ᠪᠣᠬᠢᠷᠲᠤᠯ ᠦᠭᠡᠢ᠂ ᠣᠷᠭᠠᠨᠢᠭ ᠠᠵᠤ ᠦᠢᠯᠡᠰ ᠤᠨ ᠬᠡᠯᠬᠢᠶ᠎ᠡ ᠡᠭᠦᠨ ᠠᠴᠠ ᠡᠬᠢᠯᠡᠨ ᠨᠡᠪᠲᠡᠷᠡᠵᠡᠢ | ᠃ ᠠᠯᠠᠰᠢᠨ ᠤ ᠬᠥᠭᠵᠢᠶᠡᠨᠲᠦ ᠤᠯᠠᠷᠢᠯ ᠪᠣᠯᠬᠤ ᠪᠦᠷᠢ ᠺᠣᠮᠫᠠᠨᠢ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳ | ᠪᠠᠳᠠᠷᠠᠭᠤᠯᠵᠤ᠂ ᠵᠠᠬ᠎ᠠ ᠳᠡᠯᠭᠡᠭᠦᠷ ᠤᠨ ᠦᠨ᠎ᠡ ᠠᠴᠠ ᠥᠨᠳᠥᠷ ᠦᠨ᠎ᠡ ᠪᠠᠷ ᠮᠠᠯᠴᠢᠳ ᠤᠨ ᠬᠤᠨᠢ ᠢᠮᠠᠭ᠎ᠠ ᠶᠢ ᠬᠤᠳᠠᠯᠳᠤᠨ | ᠠᠪᠬᠤ ᠶᠢ ᠪᠠᠷᠢᠮᠲᠠᠯᠠᠵᠤ᠂ ᠪᠠᠰᠠ ᠣᠨᠴᠠᠭᠠᠶᠢᠯᠠᠨ ᠬᠤᠨᠢ ᠪᠦᠷᠢ ᠳᠤ 5 ᠲᠥᠭᠦᠷᠢᠭ ᠠᠴᠠ 10 ᠲᠥᠭᠦᠷᠢᠭ ᠤᠨ ᠶᠠᠳᠠᠭᠤ ᠶᠢ | ᠲᠡᠳᠬᠦᠬᠦ ᠱᠠᠩᠨᠠᠯ ᠤᠨ ᠮᠥᠩᠭᠦ ᠭᠠᠷᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ | ᠬᠦᠴᠦᠨ ᠨᠡᠮᠡᠷᠢᠯᠡᠵᠤ᠂ ᠣᠯᠠᠨ ᠵᠢᠯ ᠤᠨ ᠲᠤᠷᠰᠢ᠂ ᠡᠨᠡ ᠬᠦ ᠠᠷᠭ᠎ᠠ ᠬᠡᠮᠵᠢᠶ᠎ᠡ ᠪᠠᠷ ᠮᠠᠯᠴᠢᠳ ᠲᠤ ᠨᠡᠶᠢᠲᠡ 20 ᠲᠦᠮᠡᠨ | ᠲᠥᠭᠦᠷᠢᠭ ᠤᠨ ᠰᠢᠭᠤᠳ ᠨᠥᠬᠦᠪᠦᠷᠢ ᠶᠢᠨ ᠪᠡᠯᠡ ᠮᠥᠩᠭᠦ ᠲᠠᠷᠬᠠᠭᠠᠵᠤ᠂ ᠮᠠᠯᠴᠢᠳ ᠤᠨ ᠪᠠᠶᠠᠵᠢᠬᠤ ᠵᠠᠮ ᠤᠨ ᠪᠠᠲᠤ | ᠲᠦᠰᠢᠭ ᠪᠣᠯᠤᠭᠰᠠᠨ ᠪᠠᠶᠢᠨ᠎ᠠ᠃ | ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠲᠠᠯ᠎ᠠ ᠪᠠᠷ᠂ ᠴᠢᠨ ᠶᠤᠸᠠᠨ ᠺᠣᠮᠫᠠᠨᠢ ᠨᠠᠩ ᠴᠤ ᠵᠠᠯᠭᠠᠭ᠎ᠠ ᠪᠠᠷ ᠠᠷᠭ᠎ᠠ | ᠤᠬᠠᠭᠠᠨ ᠰᠦᠪᠡᠭᠴᠢᠯᠡᠵᠤ᠂ ᠨᠢᠭᠡ ᠲᠠᠯ᠎ᠠ ᠪᠠᠷ ︽ᠦᠵᠦᠮᠦᠴᠢᠨ ᠬᠤᠨᠢᠨ ᠮᠢᠬ᠎ᠠ︾ ᠶᠢᠨ ᠭᠡᠷᠡᠴᠢᠯᠡᠬᠦ ᠲᠠᠸᠠᠷ ᠤᠨ ᠲᠡᠮᠳᠡᠭ ᠢ | ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠭᠠᠵᠠᠷ ᠵᠦᠢ ᠶᠢᠨ ᠪᠡᠯᠭᠡ ᠲᠡᠮᠳᠡᠭ ᠪᠣᠯᠣᠨ ᠠᠵᠤ ᠠᠬᠤᠶᠢᠯᠠᠯ ᠤᠨ ᠲᠠᠸᠠᠷ ᠤᠨ | ᠲᠡᠮᠳᠡᠭ ᠢ ᠤᠷᠠᠨ ᠢᠶᠠᠷ ᠠᠭᠤᠰᠤᠯᠴᠠᠭᠤᠯᠵᠤ᠂ ᠥᠪᠡᠷᠮᠢᠴᠡ ᠣᠨᠴᠠᠯᠢᠭ ᠲᠠᠢ ︽ᠬᠤᠣᠰ ᠲᠠᠸᠠᠷ ᠤᠨ ᠲᠡᠮᠳᠡᠭ︾ ᠤᠨ | ᠵᠠᠭᠪᠤᠷ ᠢ ᠪᠦᠷᠢᠯᠳᠦᠭᠦᠯᠵᠦ᠂ ᠲᠤᠰ ᠪᠡᠶ᠎ᠡ ᠶᠢᠨ ᠦᠢᠯᠡᠳᠪᠦᠷᠢᠯᠡᠯ ᠤᠨ ᠶᠠᠪᠤᠴᠠ ᠶᠢ ᠵᠢᠷᠤᠮᠵᠢᠭᠤᠯᠤᠭᠰᠠᠨ ᠪᠥᠭᠡᠳ ᠬᠠᠤᠯᠢ | ᠶᠣᠰᠣᠨ ᠤ ᠡᠵᠡᠩᠨᠡᠭᠴᠢ ᠶᠢᠨ ᠡᠷᠬᠡ ᠠᠰᠢᠭ ᠢ ᠬᠦᠴᠦᠲᠡᠢ ᠬᠠᠮᠠᠭᠠᠯᠠᠵᠤ᠂ ᠲᠦᠷᠦᠯ ᠲᠡᠮᠳᠡᠭ ᠤᠨ ᠬᠥᠭᠵᠢᠯᠲᠡ ᠳᠤ ᠪᠠᠲᠤ | ᠰᠠᠭᠤᠷᠢ ᠲᠠᠯᠪᠢᠵᠤ ᠥᠭᠴᠡᠢ᠃ | ᠨᠥᠭᠦᠭᠡ ᠲᠠᠯ᠎ᠠ ᠪᠠᠷ ᠰᠢᠨ᠎ᠡ ᠶᠢ ᠡᠭᠦᠳᠬᠦ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠤ | ᠡᠬᠢ ᠰᠤᠷᠪᠤᠯᠵᠢ ᠮᠥᠨ ᠭᠡᠳᠡᠭ ᠢ ᠺᠣᠮᠫᠠᠨᠢ ᠠᠴᠠ ᠰᠠᠶᠢᠨ ᠮᠡᠳᠡᠳᠡᠭ ᠪᠣᠯᠬᠤᠷ ᠮᠡᠷᠭᠡᠵᠢᠯ ᠢ ᠰᠤᠳᠤᠯᠤᠨ ᠨᠡᠭᠡᠭᠡᠵᠦ ᠰᠢᠨ᠎ᠡ ᠶᠢ | ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ | ᠨᠢ ᠨᠡᠪᠲᠡ ᠠᠵᠢᠭᠯᠠᠵᠤ᠂ ᠦᠷᠭᠦᠯᠵᠢᠯᠡᠨ ᠬᠠᠭᠤᠴᠢᠨ ᠢ ᠤᠷᠬᠢᠵᠤ ᠰᠢᠨ᠎ᠡ ᠶᠢ ᠡᠭᠦᠳᠴᠦ᠂ ᠬᠤᠰᠢᠭᠤᠨ ᠤ ︽ᠴᠢᠨ ᠶᠤᠸᠠᠨ︾ | ᠲᠡᠮᠳᠡᠭᠲᠦ ᠰᠢᠷᠢᠰ ᠦᠢᠯᠡᠳᠬᠦᠨ ᠨᠢ ᠦᠬᠡᠷ ᠬᠤᠨᠢ ᠬᠤᠶᠠᠷ ᠲᠣᠮᠣ ᠲᠦᠷᠦᠯ ᠵᠦᠢᠯ ᠢ ᠰᠤᠨᠳᠠᠯᠠᠵᠤ᠂ ᠡᠯ᠎ᠡ ᠵᠦᠢᠯ ᠤᠨ | ᠨᠠᠷᠢᠯᠢᠭ ᠮᠢᠬ᠎ᠠ᠂ ᠲᠦᠭᠡᠮᠡᠯ ᠮᠢᠬ᠎ᠠ ᠶᠢ ᠬᠠᠮᠤᠷᠴᠤ᠂ ᠳᠡᠭᠡᠳᠦ ᠲᠡᠰ ᠤᠨ ᠶᠠᠰᠤ ᠴᠢᠨᠠᠷ ᠢᠶᠠᠷ ᠢᠶᠠᠨ ᠪᠡᠭᠡᠵᠢᠩ᠂ ᠱᠠᠩᠬᠠᠢ᠂ | ᠹᠦᠵᠢᠶᠠᠨ᠂ ᠬᠥᠬᠡᠬᠤᠲᠠ ᠵᠡᠷᠭᠡ ᠤᠯᠠᠨ ᠭᠠᠵᠠᠷ ᠲᠤ ᠪᠣᠷᠤᠯᠠᠭᠤᠯᠭ᠎ᠠ ᠰᠠᠶᠢᠲᠠᠢ ᠪᠠᠶᠢᠵᠤ᠂ ᠬᠡᠷᠡᠭᠯᠡᠭᠴᠢᠳ ᠤᠨ ᠪᠠᠭ᠋ᠠᠷᠬᠠᠯ ᠢ | ᠶᠡᠬᠡᠳᠡ ᠲᠠᠲᠠᠵᠠᠢ᠃ ᠣᠳᠣᠬᠠᠨ ᠳᠤ᠂ ᠺᠣᠮᠫᠠᠨᠢ ᠶᠢᠨ ᠬᠠᠷᠢᠶᠠᠨ ᠳᠤ ᠨᠢᠭᠡᠨᠲᠡ ᠬᠡᠯᠬᠢᠶ᠎ᠡ ᠠᠵᠤ ᠠᠬᠤᠶᠢᠯᠠᠯ ᠪᠠ ᠢᠳᠡᠭᠡᠨ | ᠤᠮᠳᠠᠭᠠᠨ ᠤ ᠠᠵᠤ ᠠᠬᠤᠶᠢᠯᠠᠯ 13᠂ ᠮᠢᠬᠠᠨ ᠢᠳᠡᠭᠡᠨ ᠤ ᠳᠡᠯᠭᠡᠭᠦᠷ 8 ᠪᠠᠶᠢᠬᠤ ᠪᠥᠭᠡᠳ ISO9001᠄ | 2015ᠣᠯᠠᠨ ᠤᠯᠤᠰ ᠤᠨ ᠶᠠᠰᠤ ᠴᠢᠨᠠᠷ ᠤᠨ ᠰᠢᠰᠲ᠋ᠧᠮ ᠤᠨ ᠭᠡᠷᠡᠴᠢᠯᠡᠯᠲᠡ ᠶᠢ ᠠᠮᠵᠢᠯᠲᠠᠲᠠᠢ ᠥᠩᠭᠡᠷᠡᠭᠡᠵᠦ᠂ ᠤᠷᠢᠳ | ᠬᠤᠵᠢᠳ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ | ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠭᠡᠷ᠎ᠡ ᠶᠢ ᠴᠢᠬᠤᠯᠠᠴᠢᠯᠠᠬᠤ | ᠂ ᠢᠲᠡᠭᠡᠮᠵᠢ ᠶᠢ ᠰᠠᠬᠢᠬᠤ ᠨᠢᠭᠡᠴᠡ︾ ᠵᠡᠷᠭᠡ ᠢᠷᠠᠭᠤ ᠠᠯᠳᠠᠷ ᠢ ᠭᠥᠷᠳᠡᠵᠦ᠂ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ | ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ | ᠴᠢᠨ ᠶᠤᠸᠠᠨ ᠺᠣᠮᠫᠠᠨᠢ ᠯᠠᠪᠳᠠᠭᠤᠨ ᠲᠣᠭᠲᠠᠭᠤᠨ ᠢᠶᠠᠷ ᠬᠥᠭᠵᠢᠬᠦ ᠶᠢᠨ ᠬᠠᠮᠲᠤ ᠨᠡᠶᠢᠭᠡᠮ ᠳᠤ ᠠᠴᠢ ᠬᠠᠷᠢᠭᠤᠯᠬᠤ ᠪᠠᠨ | ᠴᠠᠭ ᠢᠮᠠᠭᠲᠠ ᠮᠠᠷᠲᠠᠯ ᠦᠭᠡᠢ ᠪᠠᠶᠢᠵᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠲᠡᠢ ᠣᠷᠣᠯᠴᠠᠵᠤ᠂ ᠬᠠᠶᠢᠷ᠎ᠠ | ᠬᠠᠯᠠᠮᠵᠢ ᠶᠢ ᠳᠠᠮᠵᠢᠭᠤᠯᠵᠤ᠂ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠤᠨ ᠬᠠᠶᠢᠷ᠎ᠠ ᠰᠡᠳᠬᠢᠯᠭᠡ ᠪᠣᠯᠣᠨ ᠡᠭᠦᠷᠭᠡ | ᠬᠠᠷᠢᠭᠤᠴᠠᠯᠭ᠎ᠠ ᠶᠢ ᠭᠦᠢᠴᠡᠳ ᠢᠯᠡᠷᠡᠭᠦᠯᠪᠡ᠃ 2007 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠮᠠᠯᠵᠢᠬᠤ | ᠣᠷᠣᠨ ᠤ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ᠂ ᠵᠣᠭᠤᠰ ᠮᠥᠩᠭᠦ ᠪᠠᠷ | ᠰᠤᠷᠤᠯᠭ᠎ᠠ ᠶᠢ ᠲᠡᠳᠬᠦᠬᠦ᠂ ᠨᠠᠰᠤᠲᠠᠨ ᠢ ᠠᠰᠠᠷᠠᠬᠤ ᠬᠦᠷᠢᠶᠡᠯᠡᠩ ᠢ ᠲᠣᠬᠤᠨᠢᠭᠤᠯᠬᠤ᠂ ᠬᠦᠨᠳᠦ ᠡᠪᠡᠳᠴᠢᠲᠡᠨ ᠢ | ᠠᠪᠤᠷᠠᠨ ᠲᠤᠰᠠᠯᠠᠬᠤ᠂ ᠭᠠᠮᠰᠢᠭᠳᠠᠭᠰᠠᠨ ᠣᠷᠣᠨ ᠢ ᠲᠤᠰᠠᠯᠠᠬᠤ ᠵᠡᠷᠭᠡ ᠠᠯᠢ ᠣᠯᠠᠨ ᠬᠦᠷᠢᠶᠡᠨ ᠳᠤ ᠨᠡᠶᠢᠲᠡ 18 ᠲᠦᠮᠡᠨ | ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠬᠠᠨᠳᠢᠪᠯᠡᠵᠤ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ | ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ | | | | | | |