︽ᠮᠥᠩᠭᠦᠨ ᠡᠪᠦᠯ ᠤᠨ ᠦᠵᠦᠮᠦᠴᠢᠨ ᠳᠤ ᠪᠤᠯᠵᠤᠶ᠎ᠠ︾ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠠᠶᠠᠯᠠᠯ ᠤᠨ ᠵᠠᠮ︾ ᠢ ᠲᠤᠭᠤᠯᠬᠤ ᠬᠡᠭᠡᠷᠡᠯᠡᠨ ᠠᠶᠠᠯᠠᠬᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2025/1/6
   ᠬᠠᠭᠤᠴᠢᠨ ᠣᠨ ᠢᠶᠠᠨ ᠦᠳᠡᠵᠦ ᠰᠢᠨ᠎ᠡ ᠣᠨ ᠢᠶᠠᠨ ᠣᠭᠲᠤᠭᠰᠠᠨ 1 ᠰᠠᠷ᠎ᠠ ᠶᠢᠨ 1 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠠᠶᠠᠯᠠᠯ ᠤᠨ ᠵᠠᠮ︾ ᠢ ᠲᠤᠭᠤᠯᠬᠤ ᠬᠡᠭᠡᠷᠡᠯᠡᠨ ᠠᠶᠠᠯᠠᠬᠤ ᠠᠵᠢᠯᠯᠠᠭ᠎ᠠ ᠬᠥᠭᠵᠢᠶᠡᠨᠲᠡᠢ ᠶᠠᠪᠤᠭᠳᠠᠪᠠ  ᠃
   ᠴᠠᠩ ᠬᠦᠦᠷᠭᠡ ᠰᠠᠪᠰᠠᠭᠤᠯᠤᠭᠰᠠᠨ ᠮᠥᠩᠭᠦᠨ ᠡᠪᠦᠯ ᠤᠨ ᠦᠵᠦᠮᠦᠴᠢᠨ ᠨᠤᠲᠤᠭ ᠴᠠᠰᠤ ᠮᠦᠰᠦᠨ ᠬᠤᠶᠠᠭ ᠢᠶᠠᠷ ᠭᠤᠶᠤᠯᠠᠨ᠂ ᠥᠩ ᠲᠠᠢ ᠤᠯᠠᠷᠢᠯ ᠤᠨ ᠦᠵᠡᠰᠭᠦᠯᠡᠩᠲᠦ ᠪᠠᠶᠢᠭᠠᠯᠢ ᠶᠢ  ᠭᠠᠶᠢᠬᠠᠭᠤᠯᠵᠤ᠂ ᠬᠥᠷ ᠴᠠᠰᠣᠨ ᠳᠤ ᠬᠥᠳᠡᠯᠭᠡᠭᠦᠷ ᠰᠢᠯᠭᠠᠭᠰᠠᠨ ᠬᠡᠭᠡᠷᠡᠯᠡᠨ ᠳᠠᠪᠬᠢᠬᠤ ᠮᠠᠰᠢᠨ ᠨᠤᠭᠤᠳ ᠴᠠᠰᠣᠲᠣ ᠴᠠᠭᠠᠨ ᠲᠠᠯ᠎ᠠ ᠶᠢ ᠵᠦᠰᠦᠨ᠂ ᠬᠤᠷᠳᠤ ᠬᠦᠴᠦ ᠮᠦᠷᠦᠶᠢᠴᠡᠨ᠎ᠡ  ᠃
   ᠲᠣᠰ ᠣᠳᠠᠭᠠᠨ ᠤ ᠬᠡᠭᠡᠷᠡᠯᠡᠨ ᠠᠶᠠᠯᠠᠬᠤ ᠠᠵᠢᠯᠯᠠᠭ᠎ᠠ ᠨᠢ ᠪᠠᠷᠠᠭᠤᠨ ᠦᠵᠦᠮᠦᠴᠢᠨ ᠬᠤᠰᠢᠭᠤᠨ ᠤ ︽ᠮᠥᠩᠭᠦᠨ ᠡᠪᠦᠯ ᠤᠨ ᠦᠵᠦᠮᠦᠴᠢᠨ ᠳᠤ ᠪᠤᠯᠵᠤᠶ᠎ᠠ︾ ᠰᠢᠷᠢᠰ ᠠᠵᠢᠯᠯᠠᠭᠠᠨ ᠤ ᠨᠢᠭᠡᠨ ᠠᠭᠤᠯᠭ᠎ᠠ ᠪᠠᠶᠢᠵᠤ᠂ ᠪᠡᠭᠡᠵᠢᠩ᠂ ᠲᠢᠶᠠᠨᠵᠢᠨ᠂ ᠱᠠᠩᠬᠠᠢ᠂ ᠱᠠᠨᠳᠦ᠋ᠩ ᠵᠡᠷᠭᠡ ᠭᠠᠵᠠᠷ ᠣᠷᠣᠨ ᠤ 400 ᠭᠠᠷᠤᠢ ᠵᠢᠭᠤᠯᠴᠢᠯᠠᠭᠰᠠᠳ ᠪᠠ ᠬᠡᠭᠡᠷᠡᠯᠡᠨ ᠠᠶᠠᠯᠠᠬᠤ ᠪᠠᠭ᠋ᠠᠲᠠᠳ ᠣᠷᠣᠯᠴᠠᠵᠤ᠂ ᠠᠶᠠᠯᠠᠯ ᠨᠢ ᠪᠠᠯᠭᠠᠷᠭᠤᠣᠯ ᠪᠠᠯᠭᠠᠰᠣᠨ ᠤ ᠴᠠᠭᠠᠨ ᠮᠤᠷᠢᠲᠦ ᠬᠥᠭᠦᠷᠭᠡ ᠠᠴᠠ ᠡᠬᠢᠯᠡᠨ᠂ ᠦᠵᠦᠮᠦᠴᠢᠨ ᠸᠠᠩᠭᠠᠢ ᠣᠪᠣᠭ᠎ᠠ᠂ ᠨᠡᠭᠦᠳᠡᠯᠴᠢᠨ ᠠᠶᠢᠮᠠᠭ᠂ ᠴᠠᠭᠠᠨ ᠬᠤᠰᠤᠨ ᠤᠢ᠂ ᠶᠤᠯᠤ ᠬᠠᠶᠢᠷᠬᠠᠨ ᠵᠡᠷᠭᠡ ᠦᠵᠡᠮᠵᠢ ᠶᠢᠨ ᠣᠷᠣᠨ ᠢᠶᠠᠷ ᠦᠩᠭᠡᠷᠡᠵᠦ᠂ ᠵᠢᠭᠤᠯᠴᠢᠯᠠᠭᠰᠠᠳ ᠨᠢ ᠵᠠᠮ ᠳᠠᠭᠠᠤ ᠦᠵᠦᠮᠦᠴᠢᠨ ᠨᠤᠲᠤᠭ ᠤᠨ ᠡᠪᠦᠯ ᠤᠨ ᠤᠯᠠᠷᠢᠯ ᠤᠨ ᠰᠦᠷᠯᠢᠭ ᠰᠠᠶᠢᠬᠠᠨ ᠦᠩᠭᠡ ᠦᠵᠡᠮᠵᠢ ᠶᠢ ᠪᠠᠭ᠋ᠠᠳᠤᠨ ᠰᠣᠨᠢᠷᠬᠠᠵᠤ᠂ ᠣᠷᠣᠨ ᠨᠤᠲᠤᠭ ᠤᠨ ᠠᠮᠲᠠᠲᠤ ᠢᠳᠡᠭᠡᠨ ᠢ ᠠᠮᠰᠠᠵᠤ  ᠂  ᠰᠡᠭᠦᠳᠡᠷ ᠵᠢᠷᠤᠭ ᠳᠠᠲᠠᠭᠤᠯᠤᠨ ᠮᠠᠷᠲᠠᠭᠳᠠᠰᠢ ᠦᠭᠡᠢ ᠲᠤᠷᠠᠳᠬᠠᠯ ᠦᠯᠡᠳᠡᠭᠡᠵᠡᠢ᠃
   ᠲᠢᠶᠠᠨᠵᠢᠨ ᠬᠤᠲᠠ ᠶᠢᠨ ᠵᠢᠭᠤᠯᠴᠢᠯᠠᠭᠴᠢ ᠶᠠᠩ ᠳ᠋ᠦᠩ᠄ ︽ᠡᠨᠡ ᠣᠳᠠᠭᠠᠨ ᠤ ᠬᠥᠳᠡᠯᠭᠡᠭᠡᠨ ᠳᠤ ᠤᠷᠤᠯᠴᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠠᠶᠠᠯᠠᠯ ᠤᠨ  ᠵᠠᠮ ᠲᠤᠷᠰᠢ ᠦᠵᠡᠮᠵᠢ ᠮᠠᠰᠢ ᠭᠤᠶᠢᠳᠠ ᠰᠠᠶᠢᠬᠠᠨ᠂ ᠲᠤᠬᠠᠢ ᠶᠢᠨ ᠭᠠᠵᠠᠷ ᠤᠨ ᠬᠤᠨᠢᠨ ᠮᠢᠬ᠎ᠠ ᠴᠤ ᠲᠤᠩ ᠰᠣᠷᠭᠤᠭ ᠠᠮᠲᠠᠲᠠᠢ᠃ ᠠᠵᠢᠯᠲᠠᠳ ᠮᠠᠰᠢ ᠲᠤᠳᠤᠨᠤᠰᠤᠭ᠂ ᠠᠵᠢᠯᠯᠠᠭ᠎ᠠ ᠪᠠᠰᠠ ᠮᠠᠰᠢ ᠡᠮᠬᠢ ᠴᠡᠭᠴᠡ ᠲᠠᠢ  ᠶᠠᠪᠤᠭᠳᠠᠵᠤ  ᠂ ᠠᠪᠤᠷᠠᠨ ᠲᠣᠰᠠᠯᠠᠬᠤ ᠵᠡᠷᠭᠡ ᠦᠢᠯᠡᠴᠢᠯᠡᠭᠡ ᠨᠢ ᠮᠠᠰᠢ ᠰᠠᠶᠢᠨ᠃ ︿99 ᠨᠣᠮᠧᠷᠲᠤ ᠠᠶᠠᠯᠠᠯ ᠤᠨ ᠵᠠᠮ  ﹀ ᠤᠨ ᠣᠯᠠᠷᠢᠯ ᠪᠦᠷᠢ ᠶᠢᠨ ᠦᠩᠭᠡ ᠦᠵᠡᠮᠵᠢ ᠨᠢ ᠠᠳᠠᠯᠢ ᠦᠭᠡᠢ᠃ ᠳᠦᠷᠪᠡᠨ ᠣᠯᠠᠷᠢᠯ ᠳᠤ ᠵᠢᠭᠤᠯᠴᠢᠯᠠᠬᠤ ᠳᠤ ᠴᠥᠮ ᠲᠤᠬᠢᠷᠠᠮᠵᠢᠲᠠᠢ᠃ ᠲᠠᠯ᠎ᠠ ᠨᠤᠲᠤᠭ ᠲᠤ ᠬᠡᠭᠡᠷᠡᠯᠡᠨ ᠲᠠᠪᠬᠢᠬᠤ ᠳᠤ ᠮᠠᠰᠢ ᠰᠣᠨᠢᠷᠬᠠᠯᠲᠠᠢ  ᠂ ᠲᠤᠩ ᠪᠠᠶᠠᠷᠲᠠᠢ ᠪᠠᠶᠢᠨ᠎ᠠ  ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号