1 ᠰᠠᠷ᠎ᠠ ᠶᠢᠨ 1 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠤᠳᠠᠭᠠᠨ ᠤ ︽99 | ᠠᠶᠠᠯᠠᠯ ᠤᠨ ᠱᠣᠭᠤᠮ ᠬᠤᠨᠳᠠᠭᠠᠲᠤ︾ ᠠᠬᠠᠮᠠᠳ ᠲᠠᠮᠢᠷᠴᠢᠳ ᠤᠨ ᠲᠠᠪᠤᠨ ᠬᠥᠮᠥᠨ ᠤ ᠳᠦᠷᠢᠮᠲᠦ ᠬᠥᠯ | ᠪᠥᠮᠪᠦᠭᠡ ᠶᠢᠨ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠦᠭᠡ ᠶᠢᠨ ᠣᠷᠳᠣᠨ ᠳᠤ ᠡᠬᠢᠯᠠᠵᠦ | ᠶᠠᠪᠤᠭᠳᠠᠯ᠎ᠠ᠃ | | ᠲᠣᠰ ᠤᠳᠠᠭᠠᠨ ᠤ ᠤᠷᠤᠯᠳᠤᠭᠠᠨ ᠨᠢ ᠪᠠᠷᠠᠭᠤᠨ ᠦᠵᠦᠮᠦᠴᠢᠨ ᠬᠤᠰᠢᠭᠤᠨ ᠤ ︽ ᠮᠦᠩᠬᠦᠨ ᠡᠪᠤᠯ ᠤᠨ | ᠦᠵᠦᠮᠦᠴᠢᠨ ᠳᠤ ᠪᠤᠯᠵᠤᠶ᠎ᠠ︾ ᠡᠪᠦᠯ ᠤᠨ ᠤᠯᠠᠷᠢᠯ ᠤᠨ ᠰᠣᠶᠣᠯ ᠵᠤᠭᠠᠴᠠᠯ ᠤᠨ ᠰᠢᠷᠢᠰ ᠠᠵᠢᠯᠯᠠᠭ᠎ᠠ ᠶᠢᠨ ᠨᠢᠭᠡ | ᠪᠣᠯᠤᠭᠰᠠᠨ ᠤ ᠬᠤᠪᠢ ᠳᠤ᠂ ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠠᠴᠠ | ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠦᠭᠡ ᠶᠢᠨ ᠺᠯᠦ᠋ᠪ ᠠᠴᠠ ᠳᠠᠭᠠᠭᠠᠴᠢᠯᠠᠨ | ᠡᠷᠭᠢᠯᠡᠪᠡ᠃ | ᠲᠣᠰ ᠤᠳᠠᠭᠠᠨ ᠤ ᠬᠥᠯ ᠪᠥᠮᠪᠦᠭᠡ ᠶᠢᠨ ᠤᠷᠤᠯᠳᠤᠭᠠᠨ ᠳᠤ ᠬᠥᠬᠡᠬᠤᠲᠠ᠂ ᠪᠠᠶᠠᠨᠨᠠᠭᠤᠷ ᠠᠶᠢᠮᠠᠭ ᠤᠨ | ᠬᠤᠶᠢᠲᠤ ᠬᠤᠰᠢᠭᠤ᠂ ᠤᠯᠠᠭᠠᠨᠬᠠᠳᠠ ᠬᠤᠲᠠ᠂ ᠰᠢᠯᠢᠩᠬᠤᠲᠠ᠂ ᠡᠷᠢᠶᠡᠨ ᠬᠤᠲᠠ᠂ ᠵᠡᠭᠦᠨ ᠦᠵᠦᠮᠦᠴᠢᠨ ᠬᠤᠰᠢᠭᠤ | ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠠᠪᠠᠭ᠎ᠠ ᠵᠡᠷᠭᠡ ᠭᠠᠵᠠᠷ ᠣᠷᠣᠨ ᠤ 15 ᠬᠥᠯ ᠪᠥᠮᠪᠦᠭᠡ ᠶᠢᠨ ᠠᠩᠭᠢ | ᠤᠷᠤᠯᠴᠠᠵᠡᠢ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ 1 ᠰᠠᠷ᠎ᠠ ᠶᠢᠨ 4 ᠤ ᠡᠳᠦᠷ ᠪᠣᠯᠲᠠᠯ᠎ᠠ | ᠦᠷᠭᠦᠯᠵᠢᠯᠡᠵᠦ᠂ ᠤᠷᠤᠯᠳᠤᠭᠠᠨ ᠤ ᠬᠤᠭᠤᠴᠠᠭᠠᠨ ᠳᠤ ᠭᠤᠶᠢᠳᠠ ᠰᠠᠶᠢᠬᠠᠨ ᠪᠥᠮᠪᠥᠭᠡᠨ ᠮᠡᠷᠭᠡᠵᠢᠯ ᠪᠠ ᠰᠢᠷᠭᠠᠭᠤ | ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠪᠠᠷ ᠬᠥᠯ ᠪᠥᠮᠪᠦᠭᠡ ᠶᠢᠨ ᠬᠥᠳᠡᠯᠭᠡᠭᠡᠨ ᠤ ᠷᠢᠳᠢ ᠰᠢᠳᠢ ᠶᠢ | ᠭᠠᠶᠢᠬᠠᠭᠤᠯᠬᠤ ᠪᠤᠯᠤᠨ᠎ᠠ᠃ | | |