ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ  ᠬᠤᠪᠢ ᠬᠤᠷᠠᠮᠳᠤᠭᠤᠯᠬᠤ ᠳᠦᠷᠢᠮ ᠢᠶᠠᠷ ᠬᠦᠳᠡᠭᠡ ᠲᠤᠰᠬᠤᠨ ᠤ ᠰᠢᠨ᠎ᠡ ᠬᠡᠪ ᠰᠤᠷᠳᠠᠯ ᠢ ᠲᠠᠶᠢᠴᠢᠯᠠᠯ᠎ᠠ
ᠨᠡᠶᠢᠲᠡᠯᠡᠭᠰᠡᠨ ᠴᠠᠭ᠄
2025/1/6
   ᠬᠠᠭᠤᠴᠢᠨ ᠬᠤᠴᠤᠷᠠᠩᠭᠤᠢ ᠵᠠᠩ ᠵᠠᠩᠰᠢᠯ ᠢ ᠦᠬᠡᠷᠡᠴᠢᠯᠡᠵᠦ᠂ ᠨᠡᠶᠢᠬᠡᠮ ᠤᠨ ᠬᠡᠪ ᠰᠤᠷᠳᠠᠯ ᠢ ᠴᠡᠭᠴᠡᠯᠡᠨ᠂ ᠰᠢᠨ᠎ᠡ ᠪᠤᠯᠪᠠᠰᠤᠨ ᠰᠤᠷᠳᠠᠯ ᠢ ᠬᠦᠮᠦᠵᠢᠬᠦᠯᠦᠨ ᠪᠠᠳᠠᠷᠠᠭᠤᠯᠬᠤ ᠶᠢᠨ ᠲᠤᠰᠠᠳᠠ᠂ 12 ᠰᠠᠷ᠎ᠠ ᠶᠢᠨ 31 ᠤ ᠡᠳᠦᠷ᠂ ᠵᠢᠷ ᠤᠨ ᠭᠤᠤᠯ ᠪᠠᠯᠭᠠᠰᠤᠨ ᠤ ᠵᠢᠭᠠᠰᠤᠳᠠᠢ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠠᠴᠠ ᠬᠤᠪᠢ ᠬᠤᠷᠠᠮᠳᠤᠭᠤᠯᠬᠤ ᠳᠦᠷᠢᠮ ᠤᠨ ᠬᠤᠪᠢ ᠰᠣᠯᠢᠬᠤ ᠠᠵᠢᠯᠯᠠᠭ᠎ᠠ ᠦᠷᠨᠢᠬᠦᠯᠵᠠᠢ᠃     ᠵᠢᠭᠠᠰᠤᠳᠠᠢ ᠭᠠᠴᠠᠭ᠎ᠠ ᠨᠢ ︽ᠬᠤᠪᠢ ᠬᠤᠷᠠᠮᠳᠤᠭᠤᠯᠬᠤ ᠳᠦᠷᠢᠮ︾ ᠢᠶᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠡᠯ᠎ᠡ ᠵᠦᠢᠯ ᠤᠨ ᠬᠡᠷᠡᠭ ᠶᠠᠪᠤᠳᠠᠯ ᠢ ᠲᠤᠭᠠᠴᠠᠯᠠᠭᠰᠠᠨ ᠬᠡᠯᠪᠡᠷᠢ ᠪᠣᠯᠭᠠᠨ ᠬᠤᠪᠢᠷᠠᠭᠤᠯᠵᠤ ᠂ ᠮᠠᠯᠵᠢᠬᠤ ᠡᠷᠦᠬᠡ ᠶᠢᠨ ᠡᠳᠦᠷ ᠲᠤᠲᠤᠮ ᠤᠨ ᠦᠶᠯᠡ ᠠᠵᠢᠯᠯᠠᠭ᠎ᠠ ᠳᠤ ᠬᠤᠪᠢ ᠲᠤᠭᠳᠠᠭᠠᠵᠤ᠂ ᠵᠣᠬᠢᠬᠤ ᠣᠶᠤᠨ ᠰᠠᠨᠠᠭᠠᠨ ᠤ ᠵᠣᠷᠢᠭᠵᠢᠭᠤᠯᠤᠯ ᠪᠤᠶᠤ ᠡᠳ᠋ ᠪᠣᠳᠠᠰ ᠤᠨ ᠱᠠᠩᠨᠠᠯ ᠤᠯᠭᠤᠵᠠᠢ᠃ ᠠᠵᠢᠯᠯᠠᠭ᠎ᠠ ᠳᠤ᠂ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠬᠡᠨ ᠤ ᠠᠵᠢᠯᠲᠠᠳ ᠠᠴᠠ ᠬᠤᠪᠢ ᠬᠤᠷᠠᠮᠳᠤᠭᠤᠯᠭ᠎ᠠ ᠶᠢᠨ ᠨᠡᠷᠡᠰ ᠢ ᠦᠨᠳᠦᠰᠦᠯᠡᠨ᠂ 15 ᠮᠠᠯᠴᠢᠨ ᠡᠷᠦᠬᠡ ᠤᠨ ᠨᠡᠶᠢᠲᠡ 9341.5 ᠬᠤᠪᠢ ᠪᠠᠷ ︽ᠪᠤᠯᠪᠠᠰᠤᠨ ᠪᠦᠯᠬᠦᠮᠳᠡᠯ ᠤᠨ ᠬᠡᠲᠦ ᠳᠡᠯᠭᠡᠭᠦᠷ︾ ᠤᠨ ᠬᠤᠶᠠᠷ ᠵᠠᠭᠤᠨ ᠲᠦᠬᠦᠷᠢᠭ ᠤᠨ ᠦᠷᠳᠡᠭ ᠪᠦᠬᠦᠢ ᠬᠤᠪᠢ ᠬᠤᠷᠠᠮᠳᠤᠭᠤᠯᠭ᠎ᠠ ᠶᠢᠨ ᠺᠠᠷᠲ ᠰᠤᠯᠢᠨ ᠥᠭᠴᠡᠢ᠃     ᠮᠠᠯᠴᠢᠳ ᠠᠴᠠ᠄ ︽ᠪᠣᠯᠪᠠᠰᠤᠨ ᠰᠢᠨ᠎ᠡ ᠰᠤᠷᠲᠠᠯ ᠢ ᠤᠯᠠᠮᠵᠢᠯᠠᠨ ᠳᠠᠭᠠᠭᠤᠯᠵᠤ᠂ ᠨᠤᠲᠤᠭ ᠤᠰᠤᠨ ᠤ ᠪᠠᠨ ᠥᠯᠢᠭᠡᠷ ᠲᠠᠭᠤᠷᠢᠶᠠᠯ ᠢ ᠰᠠᠶᠢᠨ ᠶᠠᠷᠢᠵᠤ᠂ ᠵᠦᠪ ᠡᠨᠧᠷᠬᠢ ᠲᠠᠢ᠂ ᠪᠦᠷᠢᠯᠬᠡᠨ ᠰᠦᠢᠳᠬᠡᠬᠦ ᠦᠬᠡᠢ᠂ ᠨᠠᠰᠤᠳᠠᠨ ᠢᠶᠠᠨ ᠬᠦᠠᠳᠦᠯᠡᠨ ᠨᠢᠯᠬᠠᠰ ᠢᠶᠠᠨ ᠬᠠᠶᠢᠷᠠᠯᠠᠬᠤ ᠵᠡᠷᠬᠡ ᠤᠯᠠᠮᠵᠢᠯᠠᠯᠳᠤ ᠵᠠᠩ ᠲᠠᠳᠬᠠᠯ᠂ ᠭᠡᠷ ᠪᠦᠯᠢ ᠶᠢᠨ ᠰᠢᠯᠢᠳᠡᠭ ᠬᠡᠪ ᠰᠤᠷᠳᠠᠯ᠂ ᠤᠷᠴᠢᠨ ᠲᠤᠭᠤᠷᠢᠨ ᠤ ᠴᠡᠭᠴᠡᠯᠡᠨ ᠵᠠᠰᠠᠯᠲᠠ ᠮᠡᠳᠦ ᠶᠢᠨ ︿ᠪᠢᠴᠢᠯ ᠰᠢᠩᠭᠡᠭᠡᠯᠳᠡ ᠶᠢᠨ ᠪᠦᠲᠦᠭᠡᠯ﹀ ᠢ ᠢᠯᠡᠭᠦᠭᠡᠨ ᠵᠤᠬᠢᠶᠠᠨ ᠪᠦᠳᠦᠭᠡᠵᠦ ᠬᠤᠪᠢᠶᠠᠯᠴᠠᠪᠠᠯ ᠴᠥᠮ ᠠᠳᠠᠯᠢᠳᠬᠠᠨ ᠰᠢᠯᠭᠠᠷᠠᠭᠤᠯᠬᠤ ᠳᠤ ᠣᠷᠣᠯᠴᠠᠵᠤ᠂ ᠪᠤᠯᠪᠠᠰᠤᠨ ᠰᠤᠷᠲᠠᠯ ᠤᠨ ᠬᠤᠪᠢ ᠬᠤᠷᠠᠮᠳᠤᠭᠤᠯᠵᠤ ᠪᠣᠯᠣᠨ᠎ᠠ︾ ᠭᠡᠵᠦ ᠪᠠᠶᠠᠷᠲᠠᠢ ᠪᠠᠷ ᠶᠠᠷᠢᠵᠤ ᠪᠠᠶᠢᠯ᠎ᠠ᠃     ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠤᠪᠢ ᠬᠤᠷᠠᠮᠳᠤᠭᠤᠯᠭ᠎ᠠ ᠶᠢᠨ ᠬᠤᠪᠢ ᠰᠤᠯᠢᠬᠤ ᠠᠵᠢᠯᠯᠠᠭ᠎ᠠ ᠨᠢ ᠮᠠᠯᠴᠢᠳ ᠢ ᠵᠤᠷᠢᠭᠵᠢᠭᠤᠯᠤᠨ ᠪᠤᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠤᠷᠤᠯᠴᠠᠬᠤ ᠢᠳᠡᠪᠬᠢᠵᠢᠯ ᠢ ᠲᠠᠶᠢᠴᠢᠯᠠᠨ᠂ ᠮᠠᠯᠴᠢᠳ ᠤᠨ ᠬᠡᠪ ᠪᠤᠯᠪᠠᠰᠤᠷᠠᠯ ᠢ ᠦᠨᠡᠨᠬᠦ ᠲᠡᠭᠡᠭᠰᠢᠯᠡᠬᠦᠯᠵᠦ᠂ ᠬᠡᠪ ᠰᠤᠷᠳᠠᠯ ᠤᠨ ᠪᠤᠯᠪᠠᠰᠤᠨ ᠤ ᠪᠠᠶᠢᠭᠤᠯᠤᠯᠳᠠ ᠶᠢ ᠦᠨᠡᠡᠬᠦ ᠠᠬᠢᠭᠤᠯᠵᠤ᠂ ᠬᠦᠳᠡᠭᠡ ᠮᠠᠯᠵᠢᠬᠤ ᠤᠷᠤᠨ ᠤ ᠪᠤᠯᠪᠠᠰᠤᠨ ᠤ ᠰᠢᠨ᠎ᠡ ᠲᠤᠷᠰᠦ ᠪᠠᠶᠢᠳᠠᠯ ᠢ ᠪᠤᠢ ᠪᠤᠯᠭᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号