ᠰᠢ ᠶᠢᠨ ᠫᠢᠩ ᠬᠢᠭᠡᠳ  ᠲᠡᠭᠦᠨ ᠤ ᠬᠠᠳᠤᠨ ᠫᠧᠩ ᠯᠢ ᠶᠤᠸᠠᠨ ᠲᠠᠢ ᠪᠠᠨ ᠠᠮᠧᠷᠢᠺᠠ ᠶᠢᠨ ᠸᠠᠰᠢᠩᠲ᠋ᠣᠨ ᠵᠧᠦ ᠶᠢᠨ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠬᠴᠢᠳ ᠤᠨ ᠲᠥᠯᠥᠭᠡᠯᠡᠭᠴᠢ ᠳᠤ ᠰᠢᠨ᠎ᠡ ᠣᠨ ᠤ ᠪᠠᠶᠠᠷ ᠤᠨ ᠺᠠᠷᠲ ᠤᠨ ᠬᠠᠷᠢᠭᠤ  ᠪᠡᠯᠡᠭ ᠬᠦᠷᠭᠡᠪᠡ
ᠨᠡᠶᠢᠲᠡᠯᠡᠭᠰᠡᠨ ᠴᠠᠭ᠄
2025/1/7
     ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠳ᠋ᠦ᠋ᠭᠡᠷ ᠰᠠᠷ᠎ᠠ ᠶᠢᠨ 2 ᠤᠨ ᠴᠠᠭᠢᠯᠭᠠᠨ ᠮᠡᠳᠡᠭᠡ   1 ᠳ᠋ᠦ᠋ᠭᠡᠷ ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ  ᠬᠢᠭᠡᠳ ᠲᠡᠭᠦᠨ ᠤ ᠬᠠᠲᠤᠨ ᠫᠧᠩ ᠯᠢ ᠶᠤᠸᠠᠨ ᠲᠠᠢ ᠪᠠᠨ ᠠᠮᠧᠷᠢᠺᠠ ᠶᠢᠨ ᠸᠠᠰᠢᠩᠲ᠋ᠣᠨ ᠵᠧᠦ ᠶᠢᠨ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠬᠴᠢᠳ ᠤᠨ ᠲᠥᠯᠥᠭᠡᠯᠡᠭᠴᠢ ᠳᠤ ᠰᠢᠨ᠎ᠡ ᠣᠨ ᠤ ᠪᠠᠶᠠᠷ ᠤᠨ ᠺᠠᠷᠲ ᠬᠠᠷᠢᠭᠤ ᠪᠡᠯᠡᠭᠯᠡᠵᠦ᠂ ᠰᠢᠨ᠎ᠡ ᠵᠢᠯ ᠤᠨ ᠮᠡᠨᠳᠦᠴᠢᠯᠡᠯ ᠳᠡᠪᠰᠢᠭᠦᠯᠵᠦ᠂ 2025 ᠣᠨ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠡᠶᠢᠨ ᠤ ᠪᠠ ᠳᠡᠯᠡᠬᠡᠢ ᠶᠢᠨ ᠹᠠᠱᠢᠰ ᠢ ᠡᠰᠡᠷᠭᠦᠴᠡᠬᠦ ᠲᠡᠶᠢᠨ ᠤ ᠢᠯᠠᠯᠲᠠ ᠶᠢ ᠣᠯᠣᠭᠰᠠᠨ 80 ᠵᠢᠯ ᠤᠨ ᠣᠶ ᠪᠣᠯᠣᠨ᠎ᠠ  ᠭᠡᠵᠦ ᠢᠯᠡᠷᠬᠡᠶᠢᠯᠡᠪᠡ᠃ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠬᠤᠭᠤᠴᠠᠭᠠᠨ ᠳᠤ᠂ ᠳᠤᠮᠳᠠᠳᠤ ᠠᠮᠧᠷᠢᠺᠠ ᠬᠠᠮᠲᠤ ᠪᠠᠷ ᠡᠩᠬᠡ ᠲᠠᠶᠢᠪᠤᠩ ᠪᠠ ᠰᠢᠳᠤᠷᠭᠤ ᠶᠣᠰᠣᠨ ᠤ ᠲᠥᠯᠥᠭᠡ ᠪᠠᠶᠢᠯᠳᠤᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠨᠢ ᠴᠢᠰᠤᠲᠤ ᠲᠡᠮᠡᠴᠡᠭᠡᠨ ᠪᠣᠯᠣᠨ ᠲᠠᠶᠢᠨ ᠳᠠᠵᠢᠨ ᠤ ᠰᠢᠯᠭᠠᠯᠲᠠ ᠶᠢ ᠳᠠᠭᠠᠭᠠᠵᠤ᠂ ᠣᠨ ᠶᠠᠪᠤᠬᠤ ᠲᠤᠳᠤᠮ ᠢᠶᠠᠨ ᠡᠷᠬᠢᠮ ᠨᠠᠨᠳᠢᠨ ᠪᠣᠯᠵᠤ ᠰᠢᠨᠡᠳᠦᠭᠰᠡᠨ ᠪᠠᠶᠢᠨ᠎ᠠ᠃ ᠳᠤᠮᠳᠠᠳᠤ ᠠᠮᠧᠷᠢᠺᠠ ᠬᠤᠶᠠᠷ ᠤᠯᠤᠰ ᠤᠨ ᠵᠠᠯᠠᠭᠤᠴᠤᠳ ᠪᠠᠭᠠᠴᠤᠳ ︽ᠢᠷᠡᠭᠡᠳᠦᠢ ᠶᠢᠨ 5 ᠵᠢᠯ ᠳᠤ ᠠᠮᠧᠷᠢᠺᠠ ᠶᠢᠨ 5 ᠲᠦᠮᠡᠨ ᠵᠠᠯᠠᠭᠤᠴᠤᠳ ᠪᠠᠭᠠᠴᠤᠳ ᠢ ᠳᠤᠮᠳᠠᠳᠤ ᠤᠯᠤᠰ ᠲᠤ ᠤᠷᠢᠵᠤ  ᠰᠣᠯᠢᠯᠴᠠᠭ᠎ᠠ ᠥᠷᠨᠢᠭᠦᠯᠦᠨ ᠰᠤᠷᠤᠯᠴᠠᠭᠤᠯᠬᠤ︾ ᠰᠠᠨᠠᠭᠠᠴᠢᠯᠠᠭ᠎ᠠ ᠳᠤ ᠦᠷᠭᠦᠯᠵᠢᠯᠡᠨ ᠢᠳᠡᠪᠬᠢᠲᠡᠢ  ᠣᠷᠣᠯᠴᠠᠭᠤᠯᠵᠤ᠂ ᠰᠣᠯᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠨ᠂ ᠣᠶᠢᠯᠠᠭᠠᠯᠴᠠᠭ᠎ᠠ ᠪᠠᠨ ᠨᠡᠩ ᠨᠡᠮᠡᠭᠳᠡᠭᠦᠯᠵᠦ᠂ ᠤᠯᠠᠮᠵᠢᠯᠠᠯᠲᠤ ᠨᠥᠬᠦᠷᠯᠡᠯ ᠢᠶᠠᠨ ᠵᠠᠯᠭᠠᠮᠵᠢᠯᠠᠨ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢ ᠠᠬᠢᠭᠤᠯᠬᠤ᠂ ᠳᠡᠯᠡᠬᠡᠢ ᠶᠢᠨ ᠡᠩᠬᠡ ᠲᠠᠶᠢᠪᠤᠩ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠡᠮᠦᠨᠡᠬᠡᠨ᠂ ᠠᠮᠧᠷᠢᠺᠠ ᠶᠢᠨ ᠸᠠᠰᠢᠩᠲ᠋ᠣᠨ ᠵᠧᠦ ᠶᠢᠨ ᠠᠮᠧᠷᠢᠺᠠ ᠳᠤᠮᠳᠠᠳᠤ ᠶᠢᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠨᠡᠶᠢᠭᠡᠮᠯᠢᠭ ᠪᠣᠯᠣᠨ ᠯᠢᠨᠺᠧᠨ ᠳᠤᠮᠳᠠᠳᠤ ᠰᠤᠷᠭᠠᠭᠤᠯᠢ᠂ ᠪᠡᠶ᠎ᠡ ᠶᠢᠨ ᠲᠠᠮᠢᠷ ᠤᠨ ᠲᠠᠯᠠᠪᠠᠢ ᠳᠤᠮᠳᠠᠳᠤ ᠰᠤᠷᠭᠠᠭᠤᠯᠢ ᠶᠢᠨ ︽ᠢᠷᠡᠭᠡᠳᠦᠢ ᠶᠢᠨ 5 ᠵᠢᠯ ᠳᠤ ᠠᠮᠧᠷᠢᠺᠠ ᠶᠢᠨ 5 ᠲᠦᠮᠡᠨ ᠵᠠᠯᠠᠭᠤᠴᠤᠳ ᠪᠠᠭᠠᠴᠤᠳ ᠢ ᠲᠤᠮᠳᠠᠳᠤ ᠤᠯᠤᠰ ᠲᠤ ᠤᠷᠢᠵᠤ ᠰᠣᠯᠢᠯᠴᠠᠭ᠎ᠠ ᠥᠷᠨᠢᠭᠦᠯᠦᠨ ᠰᠤᠷᠤᠯᠴᠠᠭᠤᠯᠬᠤ︾ ᠰᠠᠨᠠᠭᠠᠴᠢᠯᠠᠭ᠎ᠠ ᠳᠤ ᠣᠷᠣᠯᠴᠠᠬᠤ ᠪᠠᠷ ᠳᠤᠮᠳᠠᠳᠤ ᠤᠯᠤᠰ ᠲᠤ ᠠᠶᠢᠯᠴᠢᠯᠠᠷ᠎ᠠ ᠢᠷᠡᠭᠰᠡᠨ ᠪᠠᠭᠰᠢ ᠰᠤᠷᠤᠬᠴᠢᠳ ᠤᠨ ᠲᠥᠯᠥᠭᠡᠯᠡᠭᠴᠢ ᠨᠠᠷ ᠲᠡᠷᠢᠭᠦᠯᠡᠭᠴᠢ ᠰᠢ ᠶᠢᠨ ᠫᠢᠩ ᠬᠢᠭᠡᠳ ᠲᠡᠭᠦᠨ ᠤ ᠬᠠᠲᠤᠨ ᠪᠣᠯᠣᠨ ᠳᠤᠮᠳᠠᠳᠤ ᠤᠯᠤᠰ ᠤᠨ ᠪᠦᠭᠦ ᠠᠷᠠᠳ ᠲᠦᠮᠡᠨ ᠳᠤ ᠰᠢᠨ᠎ᠡ ᠣᠨ ᠤ ᠪᠠᠶᠠᠷ ᠤᠨ ᠺᠠᠷᠲ ᠬᠦᠷᠭᠡᠵᠦ ᠂ 100 ᠭᠠᠷᠤᠢ ᠪᠠᠭᠰᠢ ᠪᠣᠯᠣᠨ ᠬᠠᠮᠲᠤ ᠰᠤᠷᠤᠯᠭᠠᠲᠠᠨ ᠡᠨᠡ ᠬᠦ ᠪᠠᠶᠠᠷ ᠤᠨ ᠺᠠᠷᠲ ᠳᠡᠭᠡᠷ᠎ᠡ ᠭᠠᠷ ᠤᠨ ᠦᠰᠦᠭ ᠵᠢᠷᠤᠵᠠᠢ᠃ ᠪᠠᠭᠰᠢ ᠰᠤᠷᠤᠬᠴᠢᠳ ᠪᠠᠶᠠᠷ ᠤᠨ ᠺᠠᠷᠲ ᠳᠡᠭᠡᠷ᠎ᠡ ᠪᠠᠨ᠄ ︽ᠶᠠᠫᠤᠨ ᠢ ᠡᠰᠡᠷᠭᠦᠴᠡᠬᠦ ᠲᠠᠶᠢᠨ ᠤ ᠢᠯᠠᠯᠲᠠ ᠶᠢ ᠣᠯᠣᠭᠰᠠᠨ 80 ᠵᠢᠯ ᠤᠨ ᠤᠢ ᠶᠢ ᠳᠤᠷᠠᠰᠬᠠᠶ᠎ᠠ᠂ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠶᠢ ᠣᠯᠣᠭᠰᠠᠨ 80 ᠵᠢᠯ ᠤᠨ ᠤᠢ ᠶᠢ ᠳᠤᠷᠠᠰᠬᠠᠶ᠎ᠠ᠃ ᠰᠢᠨ᠎ᠡ ᠣᠨ ᠢᠶᠠᠨ ᠪᠠᠶᠠᠷᠯᠠᠨ ᠤᠭᠲᠤᠶ᠎ᠠ᠂ ᠡᠩᠬᠡ ᠲᠠᠶᠢᠪᠤᠩ ᠮᠠᠨᠳᠤᠲᠤᠭᠠᠢ᠂ ᠳᠤᠮᠳᠠᠳᠤ ᠠᠮᠧᠷᠢᠺᠠ ᠶᠢᠨ ᠨᠥᠬᠦᠷᠯᠡᠯ ᠥᠨᠢᠳᠡ ᠮᠥᠩᠬᠡᠷᠡᠲᠦᠭᠡᠢ︕︾ ᠭᠡᠵᠦ ᠬᠢᠲᠠᠳ ᠭᠡᠯᠡ ᠪᠠᠷ ᠪᠢᠴᠢᠭᠰᠡᠨ ᠪᠠᠶᠢᠨ᠎ᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号