ᠥᠭᠡᠷᠡᠴᠢᠯᠡᠯᠲᠡ ᠶᠢ ᠬᠦᠨᠵᠡᠭᠡᠶᠢᠷᠡᠭᠦᠯᠵᠤ ᠠᠵᠤ ᠦᠢᠯᠡᠰ ᠤᠨ ︽ᠪᠣᠬᠢᠷᠲᠤᠯ ᠦᠭᠡᠢ︾ ᠬᠥᠳᠡᠯᠦᠩᠭᠦᠢ ᠠᠭᠤᠷᠬᠠᠢ ᠶᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2025/1/8
   ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ  ᠲᠠᠢ ᠨᠢᠭᠲᠠ ᠤᠶᠠᠯᠳᠤᠭᠤᠯᠤᠨ᠂ ᠴᠣ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠭᠦᠨᠵᠡᠭᠡᠢ ᠠᠭᠤᠰᠤᠯᠴᠠᠭᠤᠯᠵᠤ᠂ ︽ᠣᠶᠤᠨᠲᠤ ᠲᠣᠭᠤᠷᠢᠭ︾ ᠪᠣᠯᠣᠨ ︽ᠪᠣᠬᠢᠷᠲᠤᠯ ᠦᠭᠡᠢ ᠠᠭᠤᠷᠬᠠᠢ ᠶᠢᠨ ᠲᠣᠭᠤᠷᠢᠭ︾ ᠤᠨ ᠲᠤᠰ ᠲᠤᠰ ᠤᠨ ᠬᠢᠨᠢ ᠳᠠᠪᠠᠭᠤᠯᠢᠭ ᠢ ᠪᠠᠳᠠᠷᠠᠭᠤᠯᠤᠨ᠂  ᠤᠯᠠᠮᠵᠢᠯᠠᠯᠲᠤ ᠠᠵᠤ ᠦᠢᠯᠡᠰ ᠤᠨ ᠵᠠᠭᠪᠤᠷ ᠢ ᠥᠭᠡᠷᠡᠴᠢᠯᠡᠨ ᠳᠠᠬᠢᠨ ᠴᠣᠭᠴᠠᠯᠠᠵᠤ ᠂ ᠠᠵᠤ ᠠᠬᠤᠢ ᠴᠡᠴᠡᠭᠯᠡᠨ ᠬᠥᠭᠵᠢᠭᠰᠡᠨ ᠠᠮᠢ ᠠᠬᠤᠢ ᠶᠢᠨ ᠭᠤᠶᠢᠳᠠ ᠰᠠᠶᠢᠬᠠᠨ ᠵᠢᠷᠤᠭ ᠢ ᠵᠢᠷᠤᠭᠯᠠᠵᠠᠢ᠃    ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ︽ᠪᠣᠬᠢᠷᠲᠤᠯ ᠦᠭᠡᠢ᠂  ᠣᠶᠣᠨᠴᠢᠯᠠᠯᠲᠠ︾ ᠪᠣᠯ ᠠᠵᠤ ᠠᠬᠤᠶᠢᠯᠠᠯ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠲᠡᠰᠢ ᠤᠷᠤᠭᠰᠢᠯᠠᠬᠤ ᠳᠤ ᠵᠠᠪᠠᠯ ᠶᠠᠪᠤᠬᠤ ᠵᠠᠮ ᠪᠠᠶᠢᠵᠤ᠂ ᠨᠡᠭᠡᠭᠡᠯᠲᠡ ᠵᠢᠨ‌‍ᠲ᠋ᠣᠭᠤᠷᠢᠭ ᠤᠨ ᠠᠵᠤ ᠠᠬᠤᠶᠢᠯᠠᠯ ᠡᠭᠦᠨ ᠢᠶᠠᠷ ᠤᠳᠤᠷᠢᠳᠤᠮᠵᠢ ᠪᠣᠯᠭᠠᠵᠤ᠂ ᠪᠣᠬᠢᠷᠲᠤᠯ ᠦᠭᠡᠢ᠂ ᠠᠮᠤᠷ ᠲᠦᠪᠰᠢᠨ᠂  ᠨᠢᠭᠡᠳᠬᠡᠨ ᠬᠥᠭᠵᠢᠭᠦᠯᠬᠦ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ  ᠶᠢ ᠢᠳᠡᠪᠬᠢᠲᠡᠢ  ᠠᠬᠢᠭᠤᠯᠵᠠᠢ᠃ ᠨᠢᠭᠡ ᠲᠠᠯ᠎ᠠ ᠪᠠᠷ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ  ᠲᠥᠯᠥᠪᠯᠡᠭᠡ ᠶᠢ ᠴᠢᠩᠭᠠᠳᠬᠠᠵᠤ᠂ ᠲᠥᠯᠦᠪᠵᠢᠭᠦᠯᠭᠡ ᠶᠢ ᠤᠷᠢᠳᠠᠪᠠᠷ ᠬᠡᠷᠡᠭᠵᠢᠭᠦᠯᠬᠦ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠪᠡᠯᠡ ᠮᠥᠩᠭᠦ᠂ ᠮᠡᠷᠭᠡᠵᠢᠯ ᠵᠡᠷᠭᠡ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠠᠮᠵᠢᠯᠴᠠᠭᠤᠯᠤᠨ ᠰᠢᠨ᠎ᠡ ᠶᠢ ᠡᠭᠦᠳᠬᠦ ᠲᠠᠪᠴᠠᠩ ᠪᠠᠶᠢᠭᠤᠯᠵᠤ᠂ ᠡᠬᠢ ᠪᠠᠶᠠᠯᠢᠭ ᠢ ᠨᠡᠭᠡᠭᠡᠨ ᠮᠠᠯᠲᠠᠬᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ᠂ ᠰᠢᠢᠳᠪᠦᠷᠢᠲᠦ ᠪᠣᠳᠣᠯᠭ᠎ᠠ ᠶᠢᠨ ᠵᠠᠳᠠᠯᠤᠯᠲᠠ ᠶᠢ ᠣᠶᠤᠨᠴᠢᠯᠠᠨ ᠲᠡᠰ ᠳᠡᠪᠰᠢᠭᠦᠯᠬᠦ᠂ ᠠᠭᠤᠷᠬᠠᠢ ᠶᠢᠨ ᠬᠠᠮᠢᠶᠠᠷᠤᠯᠲᠠ ᠶᠢ ᠨᠠᠷᠢᠯᠢᠭᠵᠢᠭᠤᠯᠤᠨ ᠠᠬᠢᠭᠤᠯᠬᠤ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠬᠦᠴᠦ ᠪᠠᠨ ᠡᠷᠴᠢᠮᠲᠡᠢ ᠪᠠᠳᠠᠷᠠᠭᠤᠯᠵᠤ᠂ ᠢᠳᠡᠪᠬᠢᠲᠡᠢ ᠪᠠᠷ ᠰᠢᠨ᠎ᠡ ᠶᠢ ᠡᠭᠦᠳᠦᠭᠰᠡᠨ ᠪᠠᠶᠢᠨ᠎ᠠ᠃ ᠨᠦᠭᠦᠭᠡ ᠲᠠᠯ᠎ᠠ ᠪᠠᠷ᠂ 2023 ᠣᠨ ᠳᠤ᠂ ᠨᠡᠭᠡᠭᠡᠯᠲᠡ ᠶᠢᠨ ᠲᠣᠭᠤᠷᠢᠭ ᠲᠤ ᠣᠶᠤᠨᠲᠤ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂  ᠴᠢᠳᠠᠮᠵᠢ ᠶᠢᠨ ᠣᠨᠴᠠᠯᠢᠭ ᠢ ᠦᠨᠳᠦᠰᠦᠯᠡᠨ ᠠᠵᠤ ᠠᠬᠤᠢ ᠶᠢᠨ ᠠᠵᠢᠯᠯᠠᠭᠠᠨ ᠤ ᠬᠢᠨᠠᠨ ᠬᠡᠮᠵᠢᠯᠲᠡ᠂ ᠡᠨᠧᠷᠭᠢ ᠶᠢᠨ ᠬᠤᠷᠣᠭᠳᠠᠯ ᠤᠨ ᠬᠢᠨᠠᠨ ᠬᠡᠮᠵᠢᠯᠲᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠯᠲᠡ ᠵᠡᠷᠭᠡ ᠲᠤᠯᠤᠭᠠᠨ ᠬᠡᠰᠡᠭ ᠬᠤᠪᠢᠶᠠᠵᠤ᠂ ᠨᠡᠭᠡᠭᠡᠯᠲᠡ ᠶᠢᠨ ᠲᠣᠭᠤᠷᠢᠭ ᠤᠨ︽ᠣᠶᠤᠨᠲᠤ ᠶᠡᠭᠡ ᠲᠠᠷᠢᠬᠢ︾ ᠰᠢᠭ᠋ ᠢᠶᠠᠷ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠶᠢᠨ ᠵᠢᠮ᠎ᠡ ᠶᠣᠰᠣ ᠶᠢ ᠣᠨᠣᠪᠴᠢᠲᠠᠢ ᠡᠵᠡᠮᠳᠡᠪᠡ᠃ ᠪᠠᠶᠠᠨᠬᠤᠸᠠ ᠨᠡᠭᠡᠭᠡᠯᠲᠡ ᠶᠢᠨ ᠲᠣᠭᠤᠷᠢᠭ ᠲᠤ ᠣᠷᠣᠬᠤ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠷ ᠠᠮᠢᠰᠬᠤᠯ ᠢᠶᠠᠷ ᠪᠢᠯᠬᠠᠨ᠎ᠠ᠃ ᠠᠳᠡ 5G ᠶᠢᠨ ᠰᠦᠯᠵᠢᠶ᠎ᠡ ᠨᠡᠶᠢᠳᠡᠮ ᠪᠦᠷᠬᠦᠵᠦ᠂ ᠣᠶᠤᠨᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠰᠢᠰᠲ᠋ᠧᠮ ᠨᠢ ᠪᠠᠲᠤ ᠴᠢᠩᠭ᠎ᠠ ᠪᠠᠶᠢᠵᠤ᠂  ᠥᠨᠳᠥᠷ ᠲᠣᠳᠣᠴᠠᠲᠤ ᠰᠡᠭᠦᠳᠡᠷᠯᠡᠬᠦ ᠮᠠᠰᠢᠨ᠂ ᠪᠤᠳᠤᠬᠤ ᠠᠷᠭ᠎ᠠ ᠶᠢ ᠤᠶᠠᠯᠳᠤᠭᠤᠯᠤᠨ᠂ ᠶᠠᠮᠠᠷᠪᠠ ᠬᠡᠪ ᠤᠨ ᠪᠤᠰᠤ ᠪᠠᠶᠢᠳᠠᠯ ᠢ ᠴᠥᠮ ᠬᠤᠷᠣᠮᠬᠠᠨ ᠵᠠᠭᠤᠷ᠎ᠠ ᠢᠯᠡᠷᠡᠭᠦᠯᠦᠨ ᠤᠷᠢᠳᠴᠢᠯᠠᠨ ᠰᠡᠷᠡᠮᠵᠢᠯᠡᠭᠦᠯᠵᠦ᠂ ᠬᠦᠷᠢᠶᠡᠯᠡᠩ ᠲᠣᠭᠤᠷᠢᠭ ᠤᠨ ᠠᠮᠤᠷ ᠲᠦᠪᠰᠢᠨ ᠳᠤ ᠪᠠᠲᠤ ᠪᠠᠬᠢ ᠰᠡᠷᠭᠡᠶᠢᠯᠡᠯᠲᠡ ᠶᠢᠨ ᠰᠠᠭᠤᠷᠢ ᠶᠢ ᠲᠠᠯᠪᠢᠭᠰᠠᠨ ᠪᠠᠶᠢᠨ᠎ᠠ᠃ ᠡᠭᠦᠨ ᠳᠤ᠂ ᠪᠠᠶᠠᠨᠬᠤᠸᠠ ᠬᠤᠶᠠᠳᠤᠭᠠᠷ ᠠᠭᠤᠷᠬᠠᠢ ᠨᠢ ᠨᠢᠭᠡ ᠤᠳᠠᠭ᠎ᠠ ᠳᠤ 31 ᠵᠢᠯᠣᠭᠤᠴᠢ ᠦᠭᠡᠢ ᠮᠠᠰᠢᠨ ᠲᠡᠷᠭᠡ ᠶᠢ ᠣᠷᠣᠭᠤᠯᠤᠨ᠂ ᠲᠤᠰᠠᠭᠠᠷ ᠳᠤᠭᠤᠶᠢᠯᠠᠩ ᠪᠠᠶᠢᠭᠤᠯᠬᠤ᠂ ᠲᠤᠰᠠᠭᠠᠷ ᠲᠡᠭᠡᠭᠡᠪᠦᠷᠢᠯᠡᠬᠦ ᠶᠢ ᠠᠮᠵᠢᠯᠲᠠᠲᠠᠢ ᠪᠡᠶᠡᠯᠡᠭᠦᠯᠪᠡ᠂ ᠲᠣᠰ ᠡᠭᠦᠳᠦᠯᠲᠡ ᠨᠢ 2022 ᠣᠨ ᠤ ᠪᠥᠬᠦ ᠤᠯᠤᠰ ᠤᠨ ᠨᠡᠭᠦᠷᠡᠰᠦᠨ ᠠᠭᠤᠷᠬᠠᠢ ᠶᠢᠨ 5G ᠣᠶᠤᠨᠴᠢ ᠬᠡᠷᠡᠭᠯᠡᠭᠡᠨ ᠤ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃ ᠪᠠᠶᠠᠨᠬᠤᠸᠠ ᠳᠥᠷᠪᠡᠳᠦᠭᠡᠷ ᠠᠭᠤᠷᠬᠠᠢ ᠨᠢ ᠪᠦᠬᠦ ᠣᠷᠣᠨ ᠤ ᠠᠩᠬᠠᠳᠠᠭᠴᠢ ᠬᠤᠳᠳᠤᠭ ᠳᠣᠣᠷᠠᠬᠢ ᠣᠶᠤᠨᠴᠢ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠬᠡᠪᠴᠢᠶ᠎ᠡ ᠶᠢ ᠪᠠᠶᠢᠭᠤᠯᠵᠤ᠂ ᠨᠢᠭᠡ ᠡᠭᠡᠯᠵᠢ 28 ᠳᠤ ᠬᠥᠮᠥᠨ ᠠᠵᠢᠯᠯᠠᠵᠤ ᠪᠠᠶᠢᠭᠰᠠᠨ ᠠᠴᠠ ᠪᠠᠨ 5 ᠬᠥᠮᠥᠨ ᠪᠣᠯᠣᠨ ᠪᠠᠭᠠᠰᠴᠤ᠂ ᠦᠢᠯᠡᠳᠪᠦᠷᠢᠯᠡᠯ ᠤᠨ ᠦᠷ᠎ᠡ ᠠᠰᠢᠭ ᠪᠣᠯᠣᠨ ᠠᠮᠤᠷ ᠲᠦᠪᠰᠢᠨ ᠤ ᠢᠯᠡᠳᠬᠡᠮᠵᠢ ᠶᠢ ᠶᠡᠬᠡᠪᠡᠷ ᠳᠡᠭᠡᠭᠰᠢᠯᠡᠭᠦᠯᠪᠡ᠃      ᠣᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠨᠢ ᠨᠢᠭᠡᠨᠲᠡ ᠠᠵᠤ ᠠᠬᠤᠶᠢᠯᠠᠯ ᠤᠨ ᠤᠬᠠᠮᠰᠠᠷᠲᠤ ᠬᠥᠭᠡᠭᠡᠴᠡᠯᠳᠦᠯ ᠪᠣᠯᠵᠤ᠂ ᠠᠭᠤᠷᠬᠠᠢ ᠶᠢᠨ ᠠᠵᠤ ᠠᠬᠤᠶᠢᠯᠠᠯ ᠨᠢ ︽ᠬᠡᠨ ᠡᠪᠳᠡᠪᠡᠯ ᠬᠡᠨ ᠵᠠᠰᠠᠵᠤ᠂ ᠬᠡᠨ ᠵᠠᠰᠠᠨ ᠰᠡᠷᠭᠦᠭᠡᠪᠡᠯ ᠬᠡᠨ ᠠᠰᠢᠭ ᠭᠥᠷᠳᠡᠬᠦ︾ ᠵᠠᠷᠴᠢᠮ ᠢ ᠴᠢᠩᠭ᠎ᠠ ᠰᠠᠬᠢᠵᠤ᠂ ᠠᠭᠤᠷᠬᠠᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠲᠥᠰᠥᠯ ᠢ ᠨᠠᠶᠢᠳᠠᠪᠤᠷᠢᠵᠢᠭᠤᠯᠤᠨ᠂ ᠪᠣᠬᠢᠷᠲᠤᠯ ᠢ ᠰᠡᠷᠭᠡᠶᠢᠯᠡᠨ ᠵᠠᠰᠠᠬᠤ᠂   ᠭᠠᠮᠰᠢᠭ ᠢ ᠰᠡᠷᠭᠡᠶᠢᠯᠡᠨ ᠵᠠᠰᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠲᠦᠭᠰᠢᠭᠦᠷᠢ ᠶᠢ ᠰᠡᠷᠭᠡᠶᠢᠯᠡᠬᠦ ᠵᠡᠷᠭᠡ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠵᠡᠷᠭᠡ ᠳᠤᠨᠢ ᠠᠬᠢᠭᠤᠯᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠬᠢᠭᠡᠳ ᠪᠠᠶᠢᠭᠠᠯᠢ ᠶᠢᠨ ᠦᠵᠡᠮᠵᠢ ᠶᠢ ᠵᠡᠷᠭᠡᠪᠡᠷ  ᠵᠠᠰᠠᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠠᠷᠢᠭᠤᠨ ᠴᠡᠪᠡᠷ ᠦᠢᠯᠡᠳᠪᠦᠷᠢᠯᠡᠯ ᠢ ᠶᠡᠭᠡ ᠪᠠᠷ ᠳᠡᠯᠭᠡᠷᠡᠭᠦᠯᠦᠨ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠶᠡᠷᠦᠩᠬᠡᠶᠢᠯᠡᠨ ᠬᠤᠷᠢᠶᠠᠨ ᠠᠪᠴᠤ ᠠᠰᠢᠭᠯᠠᠬᠤ ᠲᠠᠯ᠎ᠠ ᠪᠠᠷ ᠬᠦᠴᠦ ᠣᠷᠣᠭᠤᠯᠵᠤ᠂ ᠠᠵᠤ ᠠᠬᠤᠢ ᠶᠢ ᠬᠥᠭᠵᠢᠭᠦᠯᠬᠦ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠ ᠣᠷᠴᠢᠨ ᠠᠬᠤᠢ ᠶᠢ ᠥᠨᠳᠥᠷ ᠲᠦᠪᠰᠢᠨ ᠢᠶᠠᠷ ᠬᠠᠮᠠᠭᠠᠯᠠᠬᠤ ᠵᠡᠷᠭᠡ ᠤᠯᠠᠨ ᠲᠠᠯ᠎ᠠ ᠪᠠᠷ ᠠᠰᠢᠭ ᠣᠯᠬᠤ ᠶᠢ ᠪᠡᠶᠡᠯᠡᠭᠦᠯᠵᠡᠢ᠃     ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠠᠴᠠ ᠪᠣᠬᠢᠷᠲᠤᠯ ᠦᠭᠡᠢ ᠠᠭᠤᠷᠬᠠᠢ ᠶᠢ ᠡᠭᠦᠳᠦᠨ ᠪᠠᠶᠢᠭᠤᠯᠬᠤ ᠬᠠᠷᠠᠯᠲᠠ ᠶᠢ ᠲᠣᠭᠲᠠᠭᠠᠵᠤ᠂ ᠡᠭᠦᠳᠦᠨ ᠪᠠᠶᠢᠭᠤᠯᠬᠤ ᠶᠠᠪᠤᠴᠠ ᠳᠤ᠂ ᠪᠣᠬᠢᠷᠲᠤᠯ ᠦᠭᠡᠢ᠂ ᠣᠶᠤᠨᠴᠢ ᠬᠥᠭᠵᠢᠯᠲᠡ ᠶᠢᠨ ᠤᠳᠤᠷᠢᠳᠤᠮᠵᠢ ᠶᠢ ᠲᠤᠪᠤᠶᠢᠯᠭᠠᠵᠦ᠂ ᠠᠵᠤ ᠠᠬᠤᠶᠢᠯᠠᠯ ᠤᠨ ᠪᠣᠬᠢᠷᠲᠤᠯ ᠦᠭᠡᠢ ᠥᠨᠳᠥᠷ ᠦᠷ᠎ᠡ ᠠᠰᠢᠭ ᠲᠠᠢ ᠣᠶᠤᠨᠴᠢᠯᠠᠭᠰᠠᠨ ᠠᠭᠤᠷᠬᠠᠢ ᠲᠡᠰᠢ ᠶᠡᠭᠡ ᠠᠯᠬᠤᠮ ᠢᠶᠠᠷ ᠤᠷᠤᠭᠰᠢᠯᠠᠬᠤ ᠳᠤ ᠬᠦᠴᠦᠨ ᠨᠡᠮᠡᠷᠢᠯᠡᠪᠡ᠃     ᠠᠭᠤᠷᠬᠠᠢ ᠶᠢᠨ ᠲᠣᠭᠤᠷᠢᠭ ᠲᠤ᠂ ᠥᠩᠭᠡᠷᠡᠭᠰᠡᠨ ᠳᠤ ᠲᠣᠭᠤᠰᠣ ᠰᠢᠷᠣᠢ ᠪᠦᠷᠬᠦᠵᠦ᠂ ᠠᠮᠢ ᠠᠬᠤᠢ ᠬᠡᠪᠡᠷᠡᠭ ᠪᠠᠶᠢᠭᠰᠠᠨ ᠪᠠᠶᠢᠳᠠᠯ ᠠᠯᠢ ᠡᠷᠲᠡ ᠦᠭᠡᠢ ᠪᠣᠯᠵᠤ᠂ ᠥᠨᠥᠳᠥᠷ ᠪᠣᠯᠬᠤ ᠳᠤ ᠴᠣ ᠰᠢᠨ᠎ᠡ ᠦᠵᠡᠮᠵᠢ ᠪᠠᠷ ᠣᠷᠣᠯᠠᠭᠳᠠᠪᠠ ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠪᠠᠶᠠᠨᠬᠤᠸᠠ ᠬᠤᠶᠠᠳᠤᠭᠠᠷ ᠵᠠᠳᠠᠭᠠᠢ ᠨᠡᠭᠦᠷᠡᠰᠦᠨ ᠠᠭᠤᠷᠬᠠᠢ ᠨᠢ ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠣᠷᠣᠨ ᠪᠦᠰᠡ ᠳᠡᠭᠡᠨ 200MW  ᠤᠨ ᠬᠡᠷᠡᠯ ᠴᠡᠨᠡᠭ ᠤᠨ ᠲᠥᠷᠥᠯ ᠵᠦᠢᠯ ᠢ ᠪᠠᠶᠢᠷᠢᠯᠠᠭᠤᠯᠵᠤ᠂ ᠵᠢᠯ ᠪᠦᠷᠢ 2.03 ᠳ᠋ᠦᠩᠰᠢᠭᠤᠷ kwh ᠴᠡᠪᠡᠷ ᠡᠨᠧᠷᠭᠢ ᠶᠢ ᠬᠦᠷᠭᠡᠵᠦ᠂ ᠪᠠᠷᠢᠮᠵᠢᠶᠠᠲᠤ ᠨᠡᠭᠦᠷᠡᠰᠦ ᠶᠢ 59735 ᠲᠣᠨ ᠠᠷᠪᠢᠯᠠᠭᠰᠠᠨ ᠢᠶᠠᠷ ᠨᠤᠭᠤᠯᠵᠤ ᠪᠤᠳᠤᠪᠠᠯ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 16 ᠲᠦᠮᠡᠨ ᠲᠣᠨ ᠪᠠᠭᠠᠰᠬᠠᠵᠤ᠂ ᠲᠣᠰ ᠠᠭᠤᠷᠬᠠᠢ ᠨᠢ ︽ᠪᠣᠬᠢᠷᠲᠤᠯ ᠦᠭᠡᠢ᠂ ᠤᠬᠠᠭᠠᠯᠢᠭ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠰᠠᠶᠢᠬᠠᠨ ᠲᠡᠷᠢᠭᠦᠨ ᠤ ᠵᠠᠳᠠᠭᠠᠢ ᠠᠭᠤᠷᠬᠠᠢ ᠶᠢ ᠪᠦᠲᠦᠭᠡᠨ ᠪᠠᠶᠢᠭᠤᠯᠬᠤ︾ ᠪᠠᠷ ᠠᠤᠭ᠎ᠠ ᠬᠠᠷᠠᠯᠲᠠ ᠪᠠᠨ ᠪᠣᠯᠭᠠᠵᠤ᠂ ︽ᠣᠶ ᠰᠢᠭᠤᠢ᠂ ᠡᠪᠡᠰᠦ᠂ ᠠᠭᠤᠷᠬᠠᠢ︾ ᠭᠤᠷᠪᠠ ᠶᠢ ᠨᠢᠭᠡ ᠴᠣᠭᠴᠠᠵᠢᠭᠤᠯᠤᠭᠰᠠᠨ ᠵᠣᠬᠢᠶᠠᠮᠠᠯ ᠠᠮᠢ ᠠᠬᠤᠢ ᠶᠢᠨ ᠬᠡᠯᠪᠡᠷᠢ ᠶᠢᠨ ᠠᠭᠤᠷᠬᠠᠢ ᠶᠢᠨ ᠣᠷᠣᠨ ᠢ ᠡᠭᠦᠳᠦᠨ ᠪᠠᠶᠢᠭᠤᠯᠵᠤ᠂ ᠰᠡᠷᠭᠦᠭᠡᠨ ᠨᠣᠭᠤᠭᠠᠷᠠᠭᠤᠯᠤᠭᠰᠠᠨ ᠨᠣᠷᠮ᠎ᠠ ᠨᠢ 100% ᠳᠤ ᠬᠦᠷᠴᠦ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠨᠢ 85% ᠶᠢ ᠳᠠᠪᠠᠵᠤ᠂  ᠤᠯᠤᠰ ᠤᠨ ᠲᠠᠰ ᠤᠨ ᠪᠣᠬᠢᠷᠲᠤᠯ ᠦᠭᠡᠢ ᠠᠭᠤᠷᠬᠠᠢ ᠶᠢᠨ ᠨᠡᠷᠡᠰ ᠤᠨ ᠵᠢᠭᠰᠠᠭᠠᠯᠲᠠ ᠳᠤ ᠠᠮᠵᠢᠯᠲᠠᠲᠠᠢ ᠵᠢᠭᠰᠠᠭᠠᠭᠳᠠᠵᠤ᠂ ᠤᠮᠠᠷᠠᠲᠤ ᠶᠢᠨ ᠥᠨᠳᠥᠷ ᠬᠦᠢᠲᠡᠨ ᠭᠠᠵᠠᠷ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠬᠦᠷᠢᠶᠡᠨ ᠳᠠᠬᠢ ᠬᠡᠪ ᠳᠠᠭᠤᠷᠢᠶᠠᠯ ᠪᠣᠯᠤᠭᠰᠠᠨ ᠪᠠᠶᠢᠨ᠎ᠠ᠃     ᠣᠳᠣᠬᠠᠨ ᠳᠤ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠷᠢᠶ᠎ᠠ ᠣᠷᠣᠨ ᠳᠠᠬᠢ ᠳᠥᠷᠪᠡᠨ ᠵᠠᠳᠠᠭᠠᠢ ᠨᠡᠭᠦᠷᠡᠰᠦᠨ ᠠᠭᠤᠷᠬᠠᠢ ᠪᠦᠬᠦᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠴᠦ᠂ ᠢᠦᠢ ᠯᠦᠩ ᠠᠭᠤᠷᠬᠠᠢ ᠶᠢᠨ ᠦᠢᠯᠡᠰ  ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠠᠷᠠᠭᠤᠨ ᠦᠵᠦᠮᠦᠴᠢᠨ ᠬᠤᠰᠢᠭᠤᠨ ᠤ ᠬᠤᠸᠠ  ᠣᠪᠣᠭ᠎ᠠ ᠮᠥᠩᠭᠦ ᠬᠠᠷ᠎ᠠ ᠲᠤᠭᠤᠯᠭ᠎ᠠ ᠶᠢᠨ ᠠᠭᠤᠷᠬᠠᠢ ︵ᠲᠡᠮᠦᠷᠯᠢᠭ ᠤᠨ ᠠᠭᠤᠷᠬᠠᠢ︶ ᠨᠢ ᠨᠠᠩ ᠴᠤ ᠤᠯᠤᠰ ᠤᠨ ᠲᠠᠰ ᠤᠨ ᠪᠣᠬᠢᠷᠲᠤᠯ ᠦᠭᠡᠢ ᠠᠭᠤᠷᠬᠠᠢ ᠶᠢᠨ ᠨᠡᠷᠡᠰ ᠤᠨ ᠵᠢᠭᠰᠠᠭᠠᠯᠲᠠ ᠳᠤ  ᠵᠢᠭᠰᠠᠭᠠᠭᠳᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ‍ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号