ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠠᠷᠪᠠᠨ ᠭᠤᠷᠪᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/8
   1 ᠰᠠᠷ᠎ᠠ ᠶᠢᠨ 7 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠭᠤᠷᠪᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠵᠤ᠂ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠤᠨ᠂ 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠦ ᠯᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃   ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠬᠤᠷᠠᠯ ᠳᠤ ᠣᠷᠣᠯᠴᠠᠨ ᠠᠵᠢᠯ ᠲᠣᠬᠢᠷᠠᠭᠤᠯᠤᠨ ᠪᠠᠶᠢᠷᠢᠯᠠᠭᠤᠯᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠯᠣᠳ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠭᠠᠨ᠎ᠠ ᠬᠤᠷᠠᠯ ᠳᠤ ᠰᠤᠯᠠ ᠣᠷᠣᠯᠴᠠᠵᠠᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠵᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢᠷᠭᠠᠭᠤ ᠠᠵᠢᠯᠯᠠᠨ᠂ ᠨᠢᠭᠡ ᠭᠤᠣᠯ ᠰᠢᠵᠢᠮ  ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠵᠢᠷᠭᠤᠭᠠᠨ ᠢᠨᠵᠧᠨᠧᠷᠢᠩ ᠢ ᠬᠡᠷᠡᠭᠵᠢᠭᠦᠯᠦᠨ᠂ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠣᠭᠰᠠᠨ ᠪᠠᠶᠢᠨ᠎ᠠ ᠭᠡᠵᠡᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ 2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠡᠴᠦᠰ ᠤᠨ ᠨᠢᠭᠡ ᠵᠢᠯ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠲᠥᠯᠥᠪᠯᠡᠨ ᠪᠠᠶᠢᠷᠢᠯᠠᠭᠤᠯᠬᠤ ᠵᠢᠯ ᠪᠣᠯᠣᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠃ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2025 ᠣᠨ ᠤ ᠠᠩᠬᠠᠳᠤᠭᠠᠷ ᠤᠳᠠᠭᠠᠨ ᠤ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠲᠣᠭᠲᠠᠭᠤᠨ ᠤ ᠳᠤᠮᠳᠠ ᠤᠷᠤᠭᠰᠢᠯᠠᠬᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠴᠢᠷᠮᠠᠶᠢᠨ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠯᠡᠵᠦ᠂ ︽ᠨᠢᠭᠡ ᠭᠤᠣᠯ ᠰᠢᠵᠢᠮ ᠢ  ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢᠶᠠᠷ ᠵᠠᠮᠨᠠᠵᠤ ᠳᠤᠮᠳᠠ ᠲᠦᠪᠰᠢᠨ  ᠳᠤ ᠣᠷᠣᠬᠤ︾ ᠲᠠᠯ᠎ᠠ ᠪᠠᠷ ᠨᠠᠩ ᠶᠡᠭᠡ ᠠᠬᠢᠴᠠ ᠲᠠᠢ ᠪᠣᠯᠭᠠᠬᠤ ᠪᠠᠷ ᠴᠢᠷᠮᠠᠶᠢᠵᠤ᠂ ︽ᠵᠢᠷᠭᠤᠭᠠᠨ ᠢᠨᠵᠧᠨᠧᠷᠢᠩ︾  ᠢ ᠰᠠᠶᠢᠲᠤᠷ ᠠᠳᠬᠤᠵᠤ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠯ᠎ᠠ ᠪᠠᠷ ᠨᠠᠩ ᠰᠠᠶᠢᠨ ᠦᠷ᠎ᠡ ᠪᠦᠲᠦᠮᠵᠢ ᠭᠠᠷᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠶᠢ ᠲᠠᠯᠪᠢᠵᠤ ᠥᠭᠬᠦ ᠬᠡᠷᠡᠭᠲᠡᠢ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ ᠪᠦᠭᠦ ᠬᠤᠰᠢᠭᠤ ᠪᠠᠷ ᠢᠶᠠᠨ ᠰᠢᠨ᠎ᠡ ᠭᠠᠷᠤᠭ᠎ᠠ ᠳᠤ ᠰᠠᠭᠤᠷᠢᠯᠠᠨ᠂ ᠨᠠᠩ ᠥᠨᠳᠥᠷ ᠬᠠᠷᠠᠯᠲᠠ ᠵᠦᠭ ᠲᠠᠰᠣᠷᠠᠯᠲᠠ ᠣᠶᠢᠭᠡᠢ ᠤᠷᠤᠭᠰᠢᠯᠠᠬᠤ ᠬᠡᠷᠡᠭᠲᠡᠢ᠃ ᠶᠡᠭᠡ ᠬᠠᠨᠳᠤᠰᠢ ᠶᠢ ᠡᠵᠡᠮᠳᠡᠵᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠬᠡᠷᠡᠭᠲᠡᠢ᠃ ᠪᠠᠶᠢᠳᠠᠯ ᠢ ᠣᠨᠣᠪᠴᠢᠲᠠᠢ ᠡᠵᠡᠮᠳᠡᠵᠦ᠂ ᠪᠦᠬᠦ ᠲᠠᠯ᠎ᠠ ᠶᠢ ᠠᠩᠬᠠᠷᠴᠤ ᠤᠷᠤᠭᠰᠢᠯᠠᠨ ᠳᠠᠪᠰᠢᠬᠤ ᠬᠡᠷᠡᠭᠲᠡᠢ᠃ ᠳᠠᠪᠠᠭᠤᠯᠢᠭ ᠲᠠᠯ᠎ᠠ ᠪᠠᠨ ᠰᠠᠶᠢᠲᠤᠷ  ᠪᠠᠳᠠᠷᠠᠭᠤᠯᠵᠤ᠂ ᠠᠤᠭ᠎ᠠ ᠬᠦᠰᠡᠯᠡᠩ ᠡᠷᠡᠯᠬᠡᠭ ᠵᠣᠷᠢᠭ ᠲᠠᠢ ᠪᠠᠶᠢᠬᠤ ᠬᠡᠷᠡᠭᠲᠡᠢ᠃ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠳᠠᠭᠠᠭᠤᠯᠬᠤ︾ ᠶᠢ ᠪᠠᠷᠢᠮᠲᠠᠯᠠᠨ᠂ ᠳᠡᠭᠡᠳᠦ ᠱᠠᠲᠤᠨ ᠤ ᠱᠠᠭᠠᠷᠳᠠᠯᠭ᠎ᠠ ᠳᠤ ᠨᠡᠶᠢᠴᠡᠭᠰᠡᠨ᠂ ᠪᠠᠷᠠᠭᠤᠨ ᠦᠵᠦᠮᠦᠴᠢᠨ ᠤ ᠪᠣᠳᠠᠲᠤ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ ᠭᠡᠵᠡᠢ᠃    ᠬᠤᠷᠠᠯ ᠠᠴᠠ ᠲᠣᠳᠣᠷᠬᠠᠶᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠨ᠂ ᠢᠲᠡᠭᠡᠯ ᠵᠣᠷᠢᠭ ᠢᠶᠠᠨ ᠪᠠᠲᠤᠳᠬᠠᠵᠤ᠂ ᠡᠨᠡ ᠵᠢᠯ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠡᠷᠡᠰ ᠭᠤᠶᠢᠪᠢᠰᠢ ᠦᠭᠡᠢ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠠᠮᠢ ᠠᠬᠤᠢ ᠶᠢᠨ ᠪᠣᠯᠪᠠᠰᠤᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠬᠠᠮᠵᠢᠯᠴᠠᠨ ᠠᠬᠢᠭᠤᠯᠵᠤ᠂ ᠠᠷᠠᠳ ᠤᠨ ᠠᠮᠢᠳᠤᠷᠠᠯ ᠪᠣᠯᠣᠨ ᠨᠡᠶᠢᠭᠡᠮ  ᠤᠨ ᠦᠢᠯᠡᠰ ᠢ ᠰᠠᠶᠢᠲᠤᠷ ᠡᠷᠭᠢᠯᠡᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠰᠢᠭᠤᠴᠢ ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠠᠭᠤᠳᠠᠰᠤ  ᠶᠢ ᠰᠠᠶᠢᠲᠤᠷ ᠪᠢᠴᠢᠭᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃    ᠬᠤᠷᠠᠯ ᠠᠴᠠ᠂ ᠪᠦᠬᠦ ᠬᠤᠰᠢᠭᠤ ᠪᠠᠷ ᠢᠶᠠᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠡᠩ ᠪᠠᠲᠤ ᠴᠢᠩᠭ᠎ᠠ ᠢᠲᠡᠭᠡᠯ ᠵᠣᠷᠢᠭ᠂ ᠨᠡᠩ ᠣᠷᠭᠢᠯᠤᠮ᠎ᠠ ᠬᠠᠯᠠᠭᠤᠨ ᠲᠡᠮᠡᠴᠡᠯ ᠤᠨ ᠵᠣᠷᠢᠭ᠂ ᠨᠡᠩ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠡᠷᠡᠯᠬᠡᠭᠯᠡᠨ ᠤᠷᠤᠭᠰᠢᠯᠠᠵᠤ᠂ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤ ᠶᠢ ᠲᠦᠷᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ ᠭᠡᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号