ᠨᠤ  ᠭᠤᠸᠠᠢ ᠶᠢᠨ ᠨᠤᠶᠠᠨ ᠪᠤᠣᠵᠠ ᠬᠤᠶᠠᠷ ᠲᠦᠮᠠ ᠭᠠᠷᠤᠢ ᠪᠤᠷᠤᠯᠠᠭᠤᠯᠤᠭᠳᠠᠯ᠎ᠠ
ᠨᠡᠶᠢᠲᠡᠯᠡᠭᠰᠡᠨ ᠴᠠᠭ᠄
2025/1/8
︽ᠲᠤᠮᠤ ᠲᠤᠮᠤ ᠪᠤᠣᠵᠠ ᠲᠤᠭᠤᠭ᠎ᠠ ᠲᠦᠭᠦᠷᠡᠩ ᠪᠤᠣᠵᠠᠵᠢᠵᠢᠭ  ᠵᠢᠵᠢᠭ ᠪᠤᠤᠵᠠ ᠵᠢᠩᠨᠠᠬᠦᠷ ᠲᠦᠭᠦᠷᠡᠩ ᠪᠤᠤᠵᠠᠲᠠᠷᠭᠤᠨ ᠲᠠᠷᠭᠤᠨ ᠪᠤᠤᠵᠠ ᠲᠠᠪᠠᠭ ᠲᠦᠭᠦᠷᠡᠩ ᠪᠤᠤᠵᠠᠠᠮᠳᠠᠳᠠᠢ ᠠᠮᠳᠠᠳᠠᠢ ᠪᠤᠤᠵᠠ ᠠᠮᠠ ᠲᠦᠭᠦᠷᠡᠩ ᠪᠤᠤᠵᠠ︾ ᠬᠡᠬᠦ ᠨᠢ ᠮᠠᠯᠴᠢᠨ ᠨᠤᠷᠪᠤᠰᠠᠩ ᠤᠨ ᠦᠪᠡᠷ ᠤᠨ ᠬᠢᠨᠢ ᠪᠤᠤᠵᠠ  ᠶᠢᠨ ᠲᠤᠬᠠᠢ ᠦᠨᠠᠯᠠᠯᠳᠠ ᠵᠢᠷᠤᠭᠯᠠᠯ ᠪᠠᠶᠢᠯ᠎ᠠ᠃
   ᠮᠠᠯᠴᠢᠨ ᠨᠤᠷᠪᠤᠰᠠᠩ ᠤᠨ ᠬᠢ ᠪᠣᠯ ᠤᠯᠠᠭᠠᠨᠬᠠᠯᠠᠭ᠎ᠠ ᠰᠣᠮᠤᠨ ᠤ ᠳᠠᠪᠰᠢᠯᠲᠤ ᠭᠠᠴᠠᠭᠠᠨ ᠤ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠪᠠᠶᠢᠵᠦ᠂ ᠤᠷᠢᠳ ᠬᠤᠵᠢᠳ ᠪᠥᠬᠦ ᠣᠷᠣᠨ ᠤ ︽ᠠᠷᠪᠠᠨ ᠰᠢᠯᠢᠳᠡᠭ ᠰᠣᠶᠣᠯ ᠤᠨ ᠡᠷᠦᠬᠡ︾᠂ ᠪᠥᠬᠦ ᠣᠷᠣᠨ ᠤ ︽ᠮᠠᠯᠵᠢᠬᠤ ᠲᠠᠷᠢᠶᠠᠯᠠᠬᠤ ᠣᠷᠣᠨ ᠤ ᠵᠢᠱᠢᠶ᠎ᠡ ᠦᠵᠡᠭᠦᠯᠬᠦ ᠰᠣᠶᠣᠯ ᠤᠨ ᠡᠷᠦᠬᠡ︾᠂ ᠪᠥᠬᠦ ᠠᠶᠢᠮᠠᠭ ᠤᠨ ︽ᠬᠠᠮᠤᠭ ᠤᠨ ᠭᠤᠶᠣ ᠭᠡᠷ ᠪᠦᠯᠢ︾  ᠂ ᠪᠥᠬᠦ ᠬᠤᠰᠢᠭᠤᠨ ᠤ ︽ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠬᠤᠪᠢ ᠬᠥᠮᠥᠨ︾᠂ ᠪᠥᠬᠦ ᠬᠤᠰᠢᠭᠤᠨ ᠤ ︽ᠰᠢᠯᠢᠳᠡᠭ ᠡᠪ ᠬᠠᠮᠲᠤ ᠨᠠᠮ ᠤᠨ ᠭᠡᠰᠢᠭᠦᠨ︾᠂ ︽ᠲᠠᠪᠤᠨ ᠰᠠᠶᠢᠨᠲᠠᠢ︾ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠵᠡᠷᠭᠡ ᠢᠷᠠᠭᠤ ᠠᠯᠳᠠᠷ ᠢᠶᠠᠷ ᠴᠢᠷᠮᠠᠶᠢᠯᠭ᠎ᠠ ᠵᠢᠳᠬᠦᠯ ᠢᠶᠠᠨ ᠦᠨᠠᠯᠡᠬᠦᠯᠵᠦ ᠶᠠᠪᠤᠭᠰᠠᠨ ᠶᠤᠮ᠃
  ᠮᠠᠯᠴᠢᠨ ᠨᠤᠷᠪᠤᠰᠠᠩ ᠬᠥᠳᠡᠭᠡ ᠶᠢᠨ ᠵᠢᠭᠤᠯᠴᠢᠯᠠᠯ ᠢ ᠢᠳᠡᠪᠬᠢᠲᠡᠢ ᠬᠥᠭᠵᠢᠭᠦᠯᠵᠦ᠂ ᠣᠲᠣ ᠪᠠᠶᠢᠭ᠎ᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠠᠭᠠᠨ ᠲᠦᠰᠢᠭᠯᠡᠨ᠂ ᠤᠯᠠᠮᠵᠢᠯᠠᠯᠳᠣ ᠰᠣᠶᠣᠯ ᠵᠠᠩᠰᠢᠯ᠂ ᠬᠤᠭᠤᠯᠠ ᠤᠮᠳᠠ᠂ ᠬᠤᠨᠤᠭ ᠪᠠᠭᠤᠳᠠᠯ᠂ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠠᠷᠠᠳ ᠤᠨ ᠣᠷᠣᠨ ᠰᠠᠭᠤᠴᠠ ᠶᠢ ᠡᠭᠦᠳᠦᠨ ᠡᠷᠭᠢᠯᠡᠵᠦ᠂ ᠡᠷᠬᠢᠨ ᠲᠣᠭᠤᠷᠢᠨ ᠤ ᠪᠠᠨ ᠮᠠᠯᠵᠢᠬᠤ ᠡᠷᠦᠬᠡ ᠶᠢ ᠳᠠᠶᠢᠴᠢᠯᠠᠨ ᠬᠠᠮᠲᠤᠪᠠᠷ  ᠣᠷᠣᠯᠭ᠎ᠠ ᠪᠠᠨ ᠨᠡᠮᠡᠭᠳᠠᠭᠦᠯᠭᠦ ᠪᠠᠷ ᠴᠢᠷᠮᠠᠶᠢᠨ ᠠᠵᠢᠯᠯᠠᠵᠦ ᠪᠠᠶᠢᠭ᠎ᠠ ᠶᠤᠮ᠃   ᠮᠠᠯᠴᠢᠨ ᠨᠤᠷᠪᠤᠰᠠᠩ 2024 ᠣᠨ ᠤ 8 ᠰᠠᠷ᠎ᠠ ᠠᠴᠠ ᠡᠬᠢᠯᠠᠨ᠂ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠶᠢ ᠴᠢᠷᠮᠠᠶᠢᠨ ᠥᠷᠨᠢᠭᠦᠯᠵᠦ᠂ ᠵᠠᠬ᠎ᠠ ᠳᠡᠯᠭᠡᠭᠦᠷ ᠪᠠ ᠬᠡᠷᠡᠭᠯᠡᠭᠴᠢᠳ ᠤᠨ ᠬᠡᠷᠡᠭᠴᠡᠭᠡ  ᠂ ᠲᠦᠭᠦᠬᠡᠢ ᠮᠠᠲ᠋ᠧᠷᠢᠶᠠᠯ ᠤᠨ ᠰᠣᠩᠭᠤᠯᠲᠠ ᠂ ᠪᠣᠷᠤᠯᠠᠭᠤᠯᠭ᠎ᠠ ᠶᠢᠨ ᠠᠷᠭ᠎ᠠ ᠵᠠᠮ ᠢ ᠨᠠᠷᠢᠨ ᠦᠢᠯᠠᠭᠠᠭᠰᠠᠨ  ᠰᠠᠭᠤᠷᠢᠨ ᠲᠠᠬᠡᠷ᠎ᠡ ᠪᠠᠨ 8 ᠲᠦᠮᠡᠨ ᠲᠥᠭᠦᠷᠢᠭ ᠤᠨ ᠪᠡᠯᠡ ᠣᠷᠣᠭᠤᠯᠵᠤ᠂ 60 ᠲᠡᠭᠰᠢ ᠳᠥᠷᠪᠡᠯᠵᠢᠨ ᠮᠧᠲᠷ ᠤᠨ ᠪᠤᠤᠰᠠ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠢ ᠰᠢᠨ᠎ᠡ ᠪᠠᠷ ᠪᠠᠶᠢᠭᠤᠯᠵᠤ᠂ ︽ᠨᠣ ᠭᠤᠸᠠᠢ ᠶᠢᠨ ᠨᠣᠶᠠᠨ ᠪᠤᠤᠵᠠ︾ ᠲᠠᠸᠠᠷ ᠤᠨ ᠲᠡᠮᠳᠡᠭ ᠢ ᠳᠠᠩᠰᠠᠯᠠᠭᠤᠯᠵᠤ᠂  ᠵᠢᠵᠢᠭ ᠦᠢᠯᠡᠳᠬᠡᠯ ᠤᠨ ᠭᠠᠵᠠᠷ ᠢ ᠡᠭᠦᠳᠦᠨ ᠪᠠᠶᠢᠭᠤᠯᠵᠤ᠂ ᠴᠤᠯ ᠪᠠᠶᠢᠭᠠᠯᠢᠯᠢᠭ ᠦᠬᠡᠷ ᠬᠤᠨᠢᠨ ᠮᠢᠬ᠎ᠠ ᠪᠠᠷ ᠪᠤᠤᠵᠠ ᠪᠠᠷᠢᠵᠦ ᠬᠤᠳᠠᠯᠳᠣᠵᠦ ᠡᠬᠢᠯᠡᠭᠰᠠᠨ ᠪᠠᠶᠢᠨ᠎ᠠ᠃
  ᠨᠤᠷᠪᠤᠰᠠᠩ  ᠭᠠᠷ ᠤᠳᠠᠰᠣ᠂ ᠰᠦᠯᠵᠢᠶ᠎ᠠ ᠵᠡᠷᠬᠡ ᠶᠢ ᠠᠰᠢᠭᠯᠠᠨ ᠪᠤᠤᠵᠠ ᠪᠠᠨ ᠪᠤᠷᠤᠯᠠᠭᠤᠯᠵᠦ ᠪᠠᠶᠢᠬᠤ ᠪᠠᠷ ᠪᠠᠷᠠᠬᠤ ᠦᠭᠡᠢ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠮᠣᠩᠭᠤᠯ ᠬᠤᠳᠠᠯᠳᠤᠭᠠᠨ ᠤ ᠬᠤᠲᠠ ᠪᠤᠯᠤᠨ ᠰᠢᠯᠢᠩᠬᠤᠲᠠ ᠶᠢᠨ ᠦᠨᠳᠦᠰᠦᠲᠡᠨ ᠤ ᠰᠣᠶᠣᠯ ᠤᠨ ᠵᠡᠭᠡᠯᠢ ᠶᠢᠨ ᠬᠡᠲᠦ ᠳᠡᠯᠭᠡᠭᠦᠷ᠂ ᠪᠠᠷᠠᠭᠤᠨ ᠦᠵᠦᠮᠦᠴᠢᠨ ᠬᠤᠰᠢᠭᠤᠨ ᠳᠣᠲᠣᠷᠠᠬᠢ 10 ᠭᠠᠷᠤᠢ ᠬᠡᠲᠦ ᠳᠡᠯᠭᠡᠭᠦᠷ ᠲᠤ ᠤᠷᠤᠯᠠᠨ ᠪᠤᠷᠤᠯᠠᠭᠤᠯᠤᠭᠴᠢ ᠲᠠᠢ ᠪᠤᠯᠵᠦ᠂ ᠤᠯᠠᠨ ᠬᠥᠮᠥᠰ ᠲᠤ ᠲᠠᠯ᠎ᠠ ᠨᠤᠲᠤᠭ ᠤᠨ ᠠᠮᠲᠠᠲᠤ ᠢᠳᠡᠭᠡᠨ ᠤ ᠦᠨᠤᠷ ᠠᠮᠳᠠ ᠶᠢ ᠮᠡᠳᠡᠷᠡᠭᠦᠯᠵᠦ᠂ ᠲᠠᠯ᠎ᠠ ᠨᠤᠲᠤᠭ ᠤᠨ ᠰᠣᠶᠣᠯ ᠢ  ᠦᠢᠯᠠᠭᠠᠭᠤᠯᠵᠦ ᠪᠠᠶᠢᠭ᠎ᠠ ᠶᠤᠮ᠃   2024 ᠣᠨ ᠤ 10 ᠰᠠᠷ᠎ᠠ ᠠᠴᠠ ᠤᠳᠤ ᠪᠣᠯᠲᠠᠯ᠎ᠠ᠂ ᠨᠢᠭᠡᠨᠲᠡ 20000 ᠭᠠᠷᠤᠢ ᠪᠤᠤᠵᠠ ᠪᠣᠷᠣᠯᠠᠭᠤᠯᠵᠤ᠂ 2 ᠲᠦᠮᠡ ᠭᠠᠷᠤᠢ ᠲᠥᠭᠦᠷᠢᠭ ᠤᠨ ᠣᠷᠣᠯᠭ᠎ᠠ ᠡᠬᠦᠳᠦᠭᠰᠠᠨ ᠮᠦᠷᠳᠠᠬᠡᠨ ᠡᠷᠬᠢᠨ ᠲᠣᠭᠤᠷᠢᠨ ᠤ ᠪᠠᠨ 3 ᠮᠠᠯᠴᠢᠨ ᠡᠷᠦᠬᠡ ᠳᠤ  ᠮᠠᠯᠵᠢᠯ ᠤᠨ ᠪᠤᠰᠣ ᠤᠷᠤᠯᠭ᠎ᠠ ᠤᠯᠬᠤ ᠵᠠᠪᠰᠢᠶᠠᠨ ᠬᠠᠩᠭᠠᠨ᠂ ᠲᠠᠯ᠎ᠠ ᠨᠤᠲᠤᠭ ᠤᠨ ᠠᠮᠲᠠᠲᠤ ᠢᠳᠡᠭᠡᠨ ᠤ ᠠᠯᠳᠠᠷᠰᠢᠯ ᠪᠠ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠤᠯᠠᠮ ᠠᠬᠢᠭᠤᠯᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号