2024 ᠣᠨ ᠳᠤ᠂ ᠪᠠᠷᠠᠭᠤᠨ ᠦᠵᠦᠮᠦᠴᠢᠨ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠬᠤᠶᠠᠷ ᠶᠡᠭᠡ ᠶᠠᠪᠤᠳᠠᠯ ᠢ ᠬᠦᠴᠦᠨ ᠢᠶᠠᠨ ᠲᠦᠪᠯᠡᠷᠡᠭᠦᠯᠦᠨ ᠰᠠᠶᠢᠲᠤᠷ ᠬᠢᠵᠦ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠦᠭᠰᠡᠨ ᠪᠠᠶᠢᠨ᠎ᠠ᠃ ᠲᠦᠷᠦᠭᠦᠸ ᠭᠤᠷᠪᠠᠨ ᠤᠯᠠᠷᠢᠯ ᠳᠤ᠂ ᠭᠠᠵᠠᠷ ᠣᠷᠣᠨ ᠤ | ᠦᠢᠯᠡᠳᠪᠦᠷᠢᠯᠡᠯ ᠤᠨ ᠪᠥᠬᠦ ᠥᠷᠲᠡᠭ 176.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 8.5% ᠪᠠᠷ ᠨᠡᠮᠡᠭᠳᠡᠨ᠂ ᠡᠭᠦᠨ ᠳᠤ ᠬᠤᠶᠠᠳᠤᠭᠠᠷ ᠠᠵᠤ ᠦᠢᠯᠡᠰ ᠤᠨ ᠥᠷᠲᠡᠭ 148.3 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠪᠡ᠃ | 2024 ᠣᠨ ᠤ 6 ᠰᠠᠷ᠎ᠠ ᠳᠤ᠂ ᠪᠠᠷᠠᠭᠤᠨ ᠬᠤᠰᠢᠭᠤᠨ ᠳᠤ ᠪᠠᠰᠠ ᠨᠢᠭᠡᠨ ᠪᠣᠬᠢᠷᠲᠤᠯ ᠦᠭᠡᠢ᠂ ᠳᠣᠣᠷ᠎ᠠ | ᠨᠡᠭᠦᠷᠡᠰᠦᠲᠥ᠋ᠷᠥᠭᠴᠢᠲᠦ ᠢᠯᠴᠢ ᠶᠢᠨ ᠬᠦᠴᠦᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠵᠢᠩᠬᠢᠨᠢ ᠪᠠᠷ | ᠠᠰᠢᠭᠯᠠᠯᠲᠠ ᠳᠤ ᠣᠷᠣᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | ᠪᠠᠶᠠᠨᠬᠤᠸᠠ ᠠᠭᠤᠷᠬᠠᠢ ᠶᠢᠨ ᠠᠮᠠᠰᠠᠷ ᠤᠨ ᠴᠠᠬᠢᠯᠭᠠᠨ ᠭᠠᠷᠭᠠᠬᠤ ᠺᠣᠮᠫᠠᠨᠢ ᠨᠡᠭᠦᠷᠡᠰᠦ ᠴᠠᠬᠢᠯᠭᠠᠨ ᠢ ᠨᠢᠭᠡ | ᠴᠣᠭᠴᠠᠵᠢᠭᠤᠯᠤᠨ ᠡᠵᠡᠩᠨᠡᠬᠦ ᠵᠠᠭᠪᠤᠷ ᠢ ᠬᠡᠷᠡᠭᠯᠡᠵᠦ᠂ 66 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ ᠶᠢ | ᠬᠤᠶᠠᠷ ᠢ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 52.06 ᠳ᠋ᠦᠩᠰᠢᠭᠤᠷ ᠲᠥᠭᠦᠷᠢᠭ ᠲᠤ ᠬᠦᠷᠴᠦ᠂ | 2021 ᠣᠨ ᠤ 8 ᠰᠠᠷ᠎ᠠ ᠳᠤ ᠪᠠᠷᠢᠯᠭ᠎ᠠ ᠡᠬᠢᠯᠡᠭᠦᠯᠵᠦ᠂ 2024 ᠣᠨ ᠤ 6 ᠰᠠᠷ᠎ᠠ ᠳᠤ ᠠᠰᠢᠭᠯᠠᠯᠲᠠ ᠳᠤ | ᠣᠷᠤᠭᠤᠯᠵᠤ᠂ ᠰᠢᠯᠢ ᠶᠢᠨ ᠭᠤᠣᠯ ᠠᠶᠢᠮᠠᠭ ᠠᠴᠠ ᠲᠠᠢ ᠵᠧᠦ ᠬᠦᠷᠬᠦ 800 ᠺᠢᠯᠣᠸᠠᠲ ᠤᠨ ᠥᠨᠳᠥᠷ ᠬᠦᠴᠦᠳᠡᠯᠲᠦ | ᠲᠣᠭᠲᠠᠮᠠᠯ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠢᠵᠢ ᠪᠦᠷᠢᠨ ᠴᠠᠬᠢᠯᠭᠠᠨ ᠡᠭᠦᠰᠬᠡᠭᠴᠢ | ᠶᠢᠨ ᠴᠡᠭ ᠪᠤᠯᠵᠤ᠂ ᠲᠥᠷᠥᠯ ᠵᠦᠢᠯ ᠨᠢ ᠤᠯᠤᠰ ᠤᠨ ᠡᠨᠧᠷᠭᠢ ᠶᠢᠨ ᠲᠣᠪᠴᠢᠶᠠᠨ ᠠᠴᠠ ᠱᠠᠭᠠᠷᠳᠠᠭᠰᠠᠨ | ᠭᠤᠣᠯᠳᠠᠯᠭ᠎ᠠ ᠲᠠᠢ ᠬᠠᠩᠭᠠᠯᠭ᠎ᠠ ᠶᠢ ᠪᠠᠲᠤᠯᠠᠬᠤ ᠲᠥᠷᠥᠯ ᠵᠦᠢᠯ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠥᠷᠥᠯ ᠵᠦᠢᠯ ᠳᠤ ᠵᠢᠭᠰᠠᠭᠠᠭᠳᠠᠪᠠ᠂ ᠲᠣᠰ ᠲᠥᠷᠥᠯ ᠵᠦᠢᠯ | ᠢ ᠠᠰᠢᠭᠯᠠᠯᠲᠠ ᠳᠤ ᠣᠷᠤᠭᠤᠯᠬᠤ ᠨᠢ ᠵᠢᠯ ᠪᠦᠷᠢ ᠤᠮᠠᠷᠠᠲᠤ ᠣᠷᠣᠨ ᠤ ᠴᠠᠬᠢᠯᠭᠠᠨ ᠲᠣᠣᠷ ᠲᠤ 60 ᠳ᠋ᠦᠩᠰᠢᠭᠤᠷ | ᠭᠷᠡᠳᠦ᠋ᠰ ᠤᠨ ᠴᠡᠪᠡᠷ ᠡᠨᠧᠷᠭᠢ ᠬᠦᠷᠭᠡᠵᠦ᠂ ᠡᠨᠡ ᠨᠢ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ᠂ ᠣᠷᠣᠨ ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ ᠢ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠬᠦ᠂ | ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢ ᠳᠡᠭᠡᠭᠰᠢᠯᠡᠭᠦᠯᠬᠦ᠂ ᠪᠠᠷᠠᠭᠤᠨ ᠦᠵᠦᠮᠦᠴᠢᠨ ᠬᠤᠰᠢᠭᠤᠨ ᠤ | ᠡᠨᠧᠷᠭᠢ ᠶᠢᠨ ᠰᠠᠭᠤᠷᠢᠨ ᠭᠠᠵᠠᠷ ᠤᠨ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠴᠢᠳᠠᠪᠤᠷᠢ ᠶᠢ ᠨᠡᠮᠡᠭᠳᠡᠭᠦᠯᠬᠦ ᠳᠤ | ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠃ | ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠠᠵᠢᠯ ᠢ ︽ᠲᠡᠷᠢᠭᠦᠨ ᠤ ᠢᠨᠵᠧᠨᠧᠷᠢᠩ︾ ᠪᠣᠯᠭᠠᠨ ᠠᠳᠬᠤᠵᠤ᠂ ᠲᠣᠮᠣ᠂ ᠬᠦᠴᠦᠷᠬᠡᠭ᠂ | ᠰᠢᠨ᠎ᠡ᠂ ᠰᠢᠯᠢᠳᠡᠭ ᠢ ᠣᠷᠣᠭᠤᠯᠬᠤ ᠶᠢ ᠪᠠᠷᠢᠮᠲᠠᠯᠠᠵᠤ᠂ ᠣᠳᠣᠬᠢ ᠠᠵᠤ ᠦᠢᠯᠡᠰ ᠤᠨ ᠢᠶᠠᠨ ᠰᠠᠭᠤᠷᠢᠨ ᠳᠡᠭᠡᠷ᠎ᠡ ︽ | ᠪᠠᠷᠠᠭᠤᠨ ᠦᠵᠦᠮᠦᠴᠢᠨ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠷᠪᠠᠨ ᠵᠤᠷᠪᠤᠰ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ︾ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠣᠯᠠᠨ ᠵᠦᠢᠯ ᠤᠨ | ᠲᠥᠷᠥ ᠶᠢᠨ ᠪᠣᠳᠣᠯᠭ᠎ᠠ ᠶᠢ ᠲᠣᠭᠲᠠᠭᠠᠨ ᠨᠠᠶᠢᠳᠠᠪᠤᠷᠢᠵᠢᠭᠤᠯᠵᠤ᠂ ᠨᠢᠭᠡ ᠪᠦᠯᠦᠭ ᠲᠣᠮᠣ᠂ ᠰᠠᠶᠢᠨ᠂ ᠰᠢᠨ᠎ᠡ ᠲᠥᠷᠥᠯ | ᠵᠦᠢᠯ ᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠪᠡ᠃ | 2022 ᠣᠨ ᠤ 12 ᠰᠠᠷ᠎ᠠ ᠳᠤ᠂ ᠥᠪᠥᠷ ᠮᠣᠩᠭᠤᠯ ᠤᠨ ᠪᠦᠦ ᠱᠦᠸᠧ ᠰᠢᠨ᠎ᠡ ᠮᠠᠲ᠋ᠧᠷᠢᠶᠠᠯ ᠤᠨ | ᠬᠢᠵᠠᠭᠠᠷᠲᠤ ᠺᠣᠮᠫᠠᠨᠢ ᠶᠢᠨ ᠵᠢᠯ ᠳᠤ 60 ᠲᠦᠮᠡᠨ ᠲᠣᠨ ᠬᠥᠩᠭᠡᠨᠴᠠᠭᠠᠨ ᠪᠣᠯᠪᠠᠰᠤᠷᠠᠭᠤᠯᠬᠤ ᠲᠥᠷᠥᠯ ᠵᠦᠢᠯ | ᠲᠤᠷᠰᠢᠨ ᠦᠢᠯᠡᠳᠪᠦᠷᠢᠯᠡᠬᠦ ᠱᠠᠲᠤᠨ ᠳᠤ ᠣᠷᠣᠵᠤ᠂ ᠲᠣᠰ ᠵᠢᠯ ᠳᠡᠭᠡᠨ ᠪᠡᠯᠡ ᠣᠷᠣᠭᠤᠯᠤᠨ ᠪᠦᠲᠦᠭᠡᠨ ᠪᠠᠶᠢᠭᠤᠯᠵᠤ | ᠲᠤᠷᠰᠢᠨ ᠦᠢᠯᠡᠳᠪᠦᠷᠢᠯᠡᠬᠦ ᠳᠤ ᠣᠷᠣᠭᠤᠯᠬᠤ ᠬᠠᠷᠠᠯᠲᠠ ᠶᠢ ᠪᠡᠶᠡᠯᠡᠭᠦᠯᠪᠡ᠃ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ᠂ ᠵᠢᠯ ᠤᠨ ᠬᠢᠢᠨᠢ ᠦᠢᠯᠡᠳᠬᠦᠨ ᠤ ᠥᠷᠲᠡᠭ ᠨᠢ ᠵᠠᠭᠤ ᠰᠢᠬᠠᠮ ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠤᠨ ᠳᠡᠭᠡᠭᠰᠢ ᠲᠤᠰᠢᠶᠠᠭᠰᠠᠨ ᠭᠠᠶᠢᠯᠢ ᠨᠢ 6000 ᠲᠦᠮᠡ ᠭᠠᠷᠤᠢ ᠲᠥᠭᠦᠷᠢᠭ ᠲᠤ | ᠬᠦᠷᠴᠦ᠂ 300 ᠰᠢᠬᠠᠮ ᠬᠥᠮᠥᠨ ᠳᠤ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ 2024 ᠣᠨ ᠳᠤ᠂ ᠲᠣᠰ | ᠠᠵᠤ ᠠᠬᠤᠶᠢᠯᠠᠯ ᠨᠢ 40 ᠲᠦᠮᠡᠨ ᠲᠣᠨ ᠬᠥᠩᠭᠡᠨᠴᠠᠭᠠᠨ ᠤ ᠬᠠᠶᠢᠯᠤᠰᠢ ᠶᠢᠨ ᠲᠡᠪᠬᠡ ᠦᠢᠯᠡᠳᠪᠦᠷᠢᠯᠡᠵᠦ᠂ ᠠᠳᠠᠯᠢ | ᠬᠤᠭᠤᠴᠠᠭᠠᠨ ᠤ ᠬᠢ ᠠᠴᠠ 149% ᠪᠠᠷ ᠨᠡᠮᠡᠭᠳᠡᠪᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ | ᠪᠠᠷᠠᠭᠤᠨ ᠦᠵᠦᠮᠦᠴᠢᠨ ᠬᠤᠰᠢᠭᠤᠨ ᠤ ︽ᠨᠡᠭᠦᠷᠡᠰᠦ ︱ ᠴᠠᠬᠢᠯᠭᠠᠨ ︱ ᠬᠥᠩᠭᠡᠨᠴᠠᠭᠠᠨ︱ ᠬᠥᠩᠭᠡᠨᠴᠠᠭᠠᠨ ᠤ | ᠨᠠᠷᠢᠯᠢᠭ ᠪᠣᠯᠪᠠᠰᠤᠷᠠᠭᠤᠯᠤᠯᠲᠠ︾ ᠶᠢ ᠨᠢᠭᠡ ᠴᠣᠭᠴᠠᠵᠢᠭᠤᠯᠤᠭᠰᠠᠨ ᠣᠷᠴᠢᠯ ᠠᠵᠤ ᠠᠬᠤᠢ ᠶᠢᠨ ᠠᠵᠤ ᠦᠢᠯᠡᠰ ᠤᠨ | ᠰᠦᠷᠦᠭᠵᠢᠯ ᠤᠨ ᠡᠬᠢᠯᠡᠯᠲᠡ ᠶᠢ ᠬᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠥᠷᠲᠡᠭ ᠤᠨ | ᠬᠡᠯᠬᠢᠶ᠎ᠡ ᠶᠢ ᠳᠡᠭᠡᠭᠰᠢᠯᠡᠭᠦᠯᠬᠦ ᠬᠠᠷᠠᠯᠲᠠ ᠶᠢ ᠤᠯᠠᠮ ᠨᠢᠭᠡ ᠠᠯᠬᠤᠮ ᠪᠡᠶᠡᠯᠡᠭᠦᠯᠦᠭᠰᠡᠨ ᠪᠠᠶᠢᠨ᠎ᠠ᠃ | 2024 ᠣᠨ ᠤ ᠲᠦᠷᠦᠭᠦᠸ ᠭᠤᠷᠪᠠᠨ ᠤᠯᠠᠷᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ 319.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 37.8% ᠪᠠᠷ ᠨᠡᠮᠡᠭᠳᠡᠪᠡ᠃ ᠶᠡᠷᠦᠩᠬᠡᠢ ᠬᠡᠮᠵᠢᠶ᠎ᠡ ᠪᠠᠷ ᠢᠶᠠᠨ ᠪᠥᠬᠦ ᠠᠶᠢᠮᠠᠭ ᠤᠨ | ᠲᠡᠷᠢᠭᠦᠨ ᠳᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠳᠤᠮᠳᠠᠴᠢ ᠬᠤᠷᠳᠤᠴᠠ ᠠᠴᠠ 24.3 | ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠨᠡᠮᠡᠭᠳᠡᠯ ᠥᠷᠲᠡᠭ 136.4 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 11.9% ᠨᠡᠮᠡᠭᠳᠡᠪᠡ᠃ ᠶᠡᠷᠦᠩᠬᠡᠢ ᠬᠡᠮᠵᠢᠶ᠎ᠡ ᠪᠠᠷ ᠢᠶᠠᠨ ᠪᠥᠬᠦ | ᠠᠶᠢᠮᠠᠭ ᠲᠤ ᠲᠡᠷᠢᠭᠦᠨ ᠳᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠳᠤᠮᠳᠠᠴᠢ ᠬᠤᠷᠳᠤᠴᠠ | ᠠᠴᠠ 4.3 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ | ᠲᠥᠷᠥᠯ ᠵᠦᠢᠯ ᠪᠣᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ ᠵᠠᠩᠭᠢᠯᠠᠭ᠎ᠠ᠂ ᠬᠦᠰᠡᠯ ᠡᠷᠡᠮᠡᠯᠵᠡᠯ | ᠂ ᠨᠥᠭᠡᠴᠡ ᠬᠦᠴᠦᠨ ᠮᠥᠨ᠂ ᠪᠠᠷᠠᠭᠤᠨ ᠦᠵᠦᠮᠦᠴᠢᠨ ᠬᠤᠰᠢᠭᠤ ᠨᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠭᠡᠬᠦ ︽ᠵᠠᠩᠭᠢᠯᠠᠭ᠎ᠠ︾ ᠶᠢ ᠦᠷᠭᠦᠯᠵᠢᠯᠡᠨ ᠴᠢᠩᠭ᠎ᠠ ᠠᠳᠬᠤᠵᠤ᠂ ᠠᠵᠤ ᠠᠬᠤᠢ ᠶᠢᠨ | ᠬᠥᠭᠵᠢᠯᠲᠡ ᠶᠢᠨ ᠬᠤᠷᠳᠤᠴᠠ ᠶᠢ ᠨᠡᠮᠡᠭᠳᠡᠭᠦᠯᠦᠨ᠂ ᠲᠥᠷᠥᠯ ᠵᠦᠢᠯ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ | ᠂ ᠪᠡᠯᠡ ᠣᠷᠣᠭᠤᠯᠤᠯᠲᠠ ᠪᠠᠷ ︽ᠬᠥᠳᠡᠯᠭᠡᠭᠦᠷ︾ ᠪᠣᠯᠭᠠᠵᠤ᠂ ᠲᠥᠷᠥᠯ ᠵᠦᠢᠯ ᠢᠶᠠᠷ ︽ᠳᠠᠷᠤᠯᠲᠠ︾ ᠪᠣᠯᠭᠠᠵᠤ᠂ | ᠠᠵᠤ ᠠᠬᠤᠢ ᠶᠢᠨ ᠲᠡᠩᠴᠡᠭᠦᠷᠢᠲᠡᠢ ᠬᠥᠭᠵᠢᠯᠲᠡ ᠶᠢ ᠪᠠᠲᠤᠯᠠᠵᠤ᠂ ︽ᠲᠣᠭᠲᠠᠭᠤᠨ ᠤ ᠳᠤᠮᠳᠠ ᠤᠷᠤᠭᠰᠢᠯᠠᠬᠤ︾ | ᠬᠥᠭᠵᠢᠯᠲᠡ ᠶᠢᠨ ᠪᠠᠶᠢᠳᠠᠯ ᠢ ᠦᠷᠭᠦᠯᠵᠢᠯᠡᠭᠦᠯᠬᠦ ᠪᠣᠯᠣᠨ᠎ᠠ᠃ |