ᠰᠢ ᠶᠢᠨ ᠫᠢᠩ ᠴᠠᠭᠢᠯᠭᠠᠨ ᠴᠢᠮᠡᠭᠡ ᠶᠠᠪᠤᠭᠤᠯᠵᠤ ᠺᠠᠸᠢᠯᠱᠸᠧᠯᠢ ᠶᠢᠨ ᠭᠷᠦ᠋ᠽᠢᠶᠠ ᠶᠢᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2025/1/8
    ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠳ᠋ᠦ᠋ᠭᠡᠷ ᠰᠠᠷ᠎ᠠ ᠶᠢᠨ 3 ᠤ ᠴᠠᠭᠢᠯᠭᠠᠨ ᠮᠡᠳᠡᠭᠡ   ᠣᠶᠢᠷ᠎ᠠ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠢᠬᠠᠶᠢᠯ · ᠺᠠᠸᠢᠯᠱᠸᠧᠯᠢ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠭᠷᠦ᠋ᠽᠢᠶᠠ ᠶᠢᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃      ᠰᠢ ᠶᠢᠨ ᠫᠢᠩ᠂ ᠣᠳᠣᠬᠠᠨ ᠳᠤ ᠳᠤᠮᠳᠠᠳᠤ ᠭᠷᠦ᠋ᠽᠢᠶᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠢᠳᠡᠪᠬᠢᠲᠡᠢ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ ᠪᠠᠶᠢᠨ᠎ᠠ᠃ ᠬᠤᠶᠠᠷ ᠲᠠᠯ᠎ᠠ ᠶᠢᠨ ᠤᠯᠤᠰ ᠲᠥᠷᠥ ᠶᠢᠨ ᠢᠲᠡᠭᠡᠯᠴᠡᠭᠡ ᠦᠷᠭᠦᠯᠵᠢᠯᠡᠨ ᠪᠠᠬᠢᠵᠢᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠣᠯᠠᠨ ᠤᠯᠤᠰ ᠤᠨ ᠬᠠᠮᠵᠢᠯᠴᠠᠭ᠎ᠠ ᠡᠯᠪᠡᠭ ᠦᠷ᠎ᠡ ᠪᠦᠲᠦᠮᠵᠢ ᠣᠯᠪᠠ᠃ ᠪᠢ ᠳᠤᠮᠳᠠᠳᠤ ᠭᠷᠦ᠋ᠽᠢᠶᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ ᠦᠷᠭᠦᠯᠵᠢᠯᠡᠭᠦᠯᠵᠦ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠭᠷᠦ᠋ᠽᠢᠶᠠ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃  
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号