ᠰᠢ ᠶᠢᠨ ᠫᠢᠩ ᠲᠥᠪᠡᠳ ᠤᠨ ᠰᠢᠭᠠᠽᠧ ᠬᠤᠲᠠ ᠶᠢᠨ ᠳᠢᠩᠷᠢ ᠰᠢᠶᠠᠨ ᠤ 6.8 ᠳᠡᠰ ᠤᠨ ᠭᠠᠵᠠᠷ ᠬᠥᠳᠡᠯᠦᠯᠲᠡ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ – ᠡᠷᠢᠵᠦ ᠠᠪᠤᠷᠠᠬᠤ ᠠᠵᠢᠯ ᠢ ᠪᠦᠭᠦ ᠬᠦᠴᠦᠨ ᠢᠶᠠᠷ ᠢᠶᠠᠨ ᠥᠷᠨᠢᠭᠦᠯᠵᠦ ᠬᠥᠮᠥᠨ ᠬᠠᠷ᠎ᠠ ᠠᠳᠡᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ ᠠᠮᠤᠷ ᠲᠦᠪᠰᠢᠨ ᠬᠠᠯᠠᠭᠤᠨ ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ  ᠯᠢ ᠴᠢᠶᠠᠩ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2025/1/8
     ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 7 ᠤ ᠴᠠᠭᠢᠯᠭᠠᠨ ᠮᠡᠳᠡᠭᠡ   ᠪᠡᠭᠡᠵᠢᠩ ᠤᠨ ᠴᠠᠭ ᠢᠶᠠᠷ 1 ᠰᠠᠷ᠎ᠠ ᠶᠢᠨ 7 ᠤ ᠡᠳᠦᠷ ᠤᠨ 9 ᠴᠠᠭ 5 ᠮᠢᠨᠦ᠋ᠲ ᠲᠤ᠂ ᠲᠥᠪᠡᠳ ᠤᠨ ᠰᠢᠭᠠᠽᠧ ᠬᠤᠲᠠ ᠶᠢᠨ ᠳᠢᠩᠷᠢ ᠰᠢᠶᠠᠨ ᠳᠤ 6.8 ᠳᠡᠰ ᠤᠨ ᠭᠠᠵᠠᠷ ᠬᠥᠳᠡᠯᠵᠦ᠂ ᠤᠯᠠᠨ ᠬᠥᠮᠥᠨ ᠠᠳᠡᠵᠦ ᠰᠢᠷᠬᠠᠲᠤᠵᠤ᠂ ᠶᠡᠭᠡ ᠬᠡᠮᠵᠢᠶᠡᠨ ᠤ ᠭᠡᠷ ᠪᠠᠶᠢᠰᠢᠩ ᠨᠤᠷᠠᠵᠤ ᠶᠡᠭᠦᠷᠡᠵᠡᠢ᠃      ᠭᠠᠵᠠᠷ ᠬᠥᠳᠡᠯᠦᠭᠰᠡᠨ ᠤ ᠳᠠᠷᠠᠭ᠎ᠠ᠂ ᠳᠣᠮᠳᠠᠳᠦ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠴᠢᠬᠤᠯᠠ ᠵᠢᠭᠠᠪᠤᠷᠢ ᠥᠭᠴᠦ᠂ ᠲᠥᠪᠡᠳ ᠤᠨ ᠰᠢᠭᠠᠽᠧ ᠬᠤᠲᠠ ᠶᠢᠨ ᠳᠢᠩᠷᠢ ᠰᠢᠶᠠᠨ ᠳᠤ 6.8 ᠳᠡᠰ ᠤᠨ ᠭᠠᠵᠠᠷ ᠬᠥᠳᠡᠯᠵᠦ᠂ ᠤᠯᠠᠨ ᠬᠥᠮᠥᠨ ᠠᠳᠡᠵᠦ ᠰᠢᠷᠬᠠᠲᠤᠪᠠ᠃ ᠡᠷᠢᠵᠦ ᠠᠪᠤᠷᠠᠬᠤ ᠠᠵᠢᠯ ᠢ ᠪᠦᠭᠦ ᠬᠦᠴᠦᠨ ᠢᠶᠠᠷ ᠢᠶᠠᠨ ᠥᠷᠨᠢᠭᠦᠯᠵᠦ᠂ ᠰᠢᠷᠬᠠᠲᠤᠭᠰᠠᠳ ᠢ ᠪᠦᠭᠦ ᠬᠦᠴᠦᠨ ᠢᠶᠠᠷ ᠢᠶᠠᠨ ᠠᠪᠤᠷᠠᠨ ᠡᠮᠨᠡᠵᠦ᠂ ᠬᠥᠮᠥᠨ ᠬᠠᠷ᠎ᠠ ᠠᠳᠡᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠡᠭᠦᠰᠦᠮᠡᠯ ᠭᠠᠢ ᠭᠠᠮᠰᠢᠭ ᠢ ᠰᠡᠷᠭᠡᠶᠢᠯᠡᠵᠦ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂ ᠬᠤᠶᠢᠲᠤᠬᠢ ᠶᠠᠪᠤᠳᠠᠯ ᠢ ᠰᠠᠶᠢᠲᠤᠷ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠵᠠᠷ ᠬᠥᠳᠡᠯᠦᠯᠲᠡ ᠶᠢᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠠᠵᠢᠯ ᠢ ᠴᠢᠩᠭᠠᠳᠬᠠᠵᠤ᠂ ᠠᠶᠤᠯ ᠠᠴᠠ ᠠᠪᠤᠷᠠᠨ ᠲᠤᠰᠠᠯᠠᠬᠤ ᠡᠳ᠋ ᠪᠣᠳᠠᠰ ᠢ ᠴᠠᠭ ᠲᠤᠬᠠᠢ ᠳᠤᠨᠢ ᠰᠢᠯᠵᠢᠭᠦᠯᠦᠨ ᠲᠣᠬᠢᠷᠠᠭᠤᠯᠵᠤ᠂ ᠡᠪᠳᠡᠭᠳᠡᠵᠦ ᠰᠦᠢᠳᠬᠡᠭᠳᠡᠭᠰᠡᠨ ᠰᠠᠭᠤᠷᠢ ᠲᠥᠬᠦᠭᠡᠷᠦᠮᠵᠢ ᠶᠢ ᠱᠠᠯᠠᠪᠳᠠᠭᠤᠯᠤᠨ ᠵᠠᠰᠠᠵᠤ᠂ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠲᠣᠬᠢᠷᠠᠭᠤᠯᠵᠤ᠂ ᠠᠮᠤᠷ ᠲᠦᠪᠰᠢᠨ ᠬᠠᠯᠠᠭᠤᠨ ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠭᠠᠮᠰᠢᠭ ᠤᠨ ᠪᠠᠶᠢᠳᠠᠯ ᠪᠣᠯᠣᠨ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠᠶᠢᠳᠠᠯ ᠢ ᠱᠠᠯᠠᠪᠳᠠᠭᠤᠯᠤᠨ ᠬᠢᠨᠠᠨ ᠬᠠᠷᠭᠤᠭᠤᠯᠵᠤ᠂ ᠠᠶᠤᠯ ᠠᠴᠠ ᠠᠪᠤᠷᠠᠨ ᠲᠤᠰᠠᠯᠠᠬᠤ ᠠᠵᠢᠯ ᠢ ᠪᠦᠭᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠭᠠᠵᠠᠷ ᠬᠥᠳᠡᠯᠦᠯᠲᠡ ᠶᠢᠨ ᠪᠠᠶᠢᠳᠠᠯ ᠢ ᠬᠢᠨᠠᠨ ᠬᠡᠮᠵᠢᠬᠦ ᠠᠵᠢᠯ ᠢ ᠴᠢᠩᠭᠠᠳᠬᠠᠨ᠂ ᠡᠯ᠎ᠡ ᠵᠦᠢᠯ ᠤᠨ ᠡᠭᠦᠰᠦᠮᠡᠯ ᠭᠠᠢ ᠭᠠᠮᠰᠢᠭ ᠢ ᠰᠡᠷᠭᠡᠶᠢᠯᠡᠵᠦ᠂ ᠬᠥᠮᠥᠨ ᠬᠠᠷ᠎ᠠ ᠠᠳᠡᠵᠦ ᠰᠢᠷᠬᠠᠲᠤᠬᠤ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠭᠠᠵᠠᠷ ᠬᠥᠳᠡᠯᠦᠯᠲᠡ ᠳᠤ ᠭᠠᠮᠰᠢᠭᠳᠠᠭᠰᠠᠨ ᠣᠷᠣᠨ ᠨᠢ ᠥᠨᠳᠦᠷᠯᠢᠭ ᠤᠨ ᠥᠨᠳᠥᠷ ᠬᠦᠢᠲᠡᠨ ᠣᠷᠣᠨ ᠳᠤ ᠪᠠᠶᠢᠷᠢᠯᠠᠵᠤ᠂ ᠶᠠᠭ ᠰᠠᠶᠢᠬᠠᠨ ᠡᠪᠦᠯ ᠤᠨ ᠤᠯᠠᠷᠢᠯ ᠲᠣᠬᠢᠶᠠᠭᠰᠠᠨ ᠲᠤᠯᠠ ᠠᠷᠭ᠎ᠠ ᠪᠦᠭᠦᠨ ᠢ ᠰᠦᠪᠡᠭᠴᠢᠯᠡᠨ ᠭᠠᠮᠰᠢᠭᠳᠠᠭᠰᠠᠨ ᠣᠷᠣᠨ ᠤ ᠤᠯᠠᠨ ᠲᠦᠮᠡᠨ ᠤ ᠦᠨᠳᠦᠰᠦᠨ ᠠᠮᠢᠳᠤᠷᠠᠯ ᠪᠠ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠳᠣᠮᠳᠠᠳᠦ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠢ ᠳᠠᠭᠠᠭᠤᠯᠤᠨ ᠲᠤᠬᠠᠢ ᠶᠢᠨ ᠲᠠᠯᠠᠪᠠᠶ ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠵᠢᠯᠤᠭᠤᠳᠴᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠭᠠᠵᠠᠷ ᠬᠥᠳᠡᠯᠦᠯᠲᠡ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠤᠯᠤᠰ ᠤᠨ ᠭᠠᠵᠠᠷ ᠬᠥᠳᠡᠯᠦᠯᠲᠡ ᠶᠢᠨ ᠭᠤᠷᠪᠠᠳᠤᠭᠠᠷ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠲᠦᠷᠦᠯ ᠢ ᠡᠬᠢᠯᠡᠨ ᠬᠡᠷᠡᠭᠵᠢᠭᠦᠯᠵᠦ᠂ ᠲᠥᠪᠡᠳ ᠤᠨ ᠥᠪᠡᠷᠲᠡᠭᠡᠨ ᠵᠠᠰᠠᠬᠤ ᠣᠷᠣᠨ ᠠᠴᠠ ᠬᠦᠴᠦᠨ ᠢᠶᠠᠨ ᠵᠣᠬᠢᠶᠠᠨ ᠪᠠᠶᠢᠭᠤᠯᠵᠤ ᠠᠶᠤᠯ ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦᠨ ᠢᠶᠠᠷ ᠢᠶᠠᠨ ᠥᠷᠨᠢᠭᠦᠯᠵᠦ ᠪᠠᠶᠢᠨ᠎ᠠ᠃ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠶᠠᠭ ᠪᠠᠴᠢᠮ ᠶᠠᠭᠠᠷᠠᠯᠲᠠᠢ ᠡᠮᠬᠢ ᠳᠢᠭᠯᠢᠮ ᠲᠠᠢ ᠶᠠᠪᠤᠭᠳᠠᠵᠤ ᠪᠠᠶᠢᠨ᠎ᠠ᠃  
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号