1 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠠᠷᠪᠠᠨ ᠭᠤᠷᠪᠠᠳᠤᠭᠠᠷ | ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 102 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ | ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠲᠠᠷᠢᠶᠠᠯᠠᠩ ᠬᠥᠳᠡᠭᠡ ᠲᠣᠰᠬᠤᠨ | ᠲᠠᠷᠢᠶᠠᠴᠢᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯ | ᠠᠮᠢᠳᠤᠷᠠᠯ ᠤᠨ ᠬᠤᠷᠠᠯ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ 2025 ᠣᠨ ᠤ ᠰᠢᠨ᠎ᠡ ᠵᠢᠯ ᠤᠨ ᠪᠠᠶᠠᠷ ᠤᠨ ᠦᠭᠡ ᠶᠢ | ᠤᠯᠠᠮᠵᠢᠯᠠᠨ ᠰᠤᠷᠤᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽2025 ᠣᠨ ᠤ ᠰᠢᠨ᠎ᠡ ᠵᠢᠯ ᠴᠠᠭᠠᠨ ᠰᠠᠷ᠎ᠠ | ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠪᠠ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︽2025 | ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ | ᠴᠢᠩᠭᠠᠳᠬᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ᠪᠥᠬᠦ ᠣᠷᠣᠨ᠂ | ᠪᠥᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠰᠢ ᠶᠢᠨ ᠫᠢᠩ | ᠶᠡᠷᠦᠩᠬᠡᠢ ᠱᠦᠵᠢ ᠶᠢᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠦᠦᠱᠯᠠᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ | ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢ ᠴᠢᠩᠭᠠᠳᠬᠠᠨ᠂ ᠮᠠᠯᠵᠢᠬᠤ ᠣᠷᠣᠨ ᠤ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠯᠴᠢᠳ ᠤᠨ ᠣᠷᠣᠯᠭ᠎ᠠ ᠶᠢ | ᠨᠡᠮᠡᠭᠳᠡᠭᠦᠯᠬᠦ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠭᠠᠴᠠᠭ᠎ᠠ ᠲᠣᠰᠬᠤᠨ ᠤ ᠬᠠᠮᠲᠤ ᠶᠢᠨ | ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠳᠠᠯᠳᠠ ᠬᠦᠴᠦᠨ ᠢ ᠬᠥᠭᠵᠢᠭᠡᠬᠦ ᠬᠡᠷᠡᠭᠲᠡᠢ᠃ ︽ᠮᠢᠩᠭᠠᠨ ᠲᠣᠰᠬᠤᠨ ᠵᠢᠱᠢᠶ᠎ᠡ ᠦᠵᠡᠭᠦᠯᠵᠦ ᠲᠦᠮᠡᠨ ᠲᠣᠰᠬᠤᠨ ᠢ | ᠴᠡᠭᠴᠡᠯᠡᠬᠦ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠮᠠᠯᠵᠢᠬᠤ ᠣᠷᠣᠨ ᠤ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠮᠠᠯᠵᠢᠬᠤ ᠣᠷᠣᠨ ᠤ ᠤᠶᠤᠨ ᠤ | ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠣᠷᠣᠰᠢᠨ ᠰᠠᠭᠤᠬᠤ ᠪᠠ ᠠᠵᠢᠯ ᠦᠢᠯᠡᠰ ᠴᠣᠭᠴᠠᠯᠠᠬᠤ ᠳᠤ | ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ᠃ ᠰᠢ ᠶᠢᠨ | ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠷᠠᠳᠴᠢᠯᠠᠯ | ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ | ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠠ ᠨᠠᠮ ᠤᠨ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠᠷ ᠣᠶᠣᠨ ᠢᠶᠠᠨ | ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠤᠨ᠂ ᠠᠵᠢᠯ ᠢᠶᠠᠨ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠠᠷ ᠪᠦᠲᠦᠮᠵᠢᠲᠡᠢ | ᠪᠠᠶᠢᠯᠭᠠᠬᠤ ᠶᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳᠴᠢᠯᠠᠯ ᠠᠮᠢᠳᠤᠷᠠᠯ ᠤᠨ ᠬᠤᠷᠠᠯ ᠢ ᠨᠠᠷᠢᠨ ᠨᠢᠮᠪᠠᠢ | ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠠᠷᠠᠳᠴᠢᠯᠠᠯ ᠠᠮᠢᠳᠤᠷᠠᠯ ᠤᠨ ᠬᠤᠷᠠᠯ ᠤᠨ ᠡᠯ᠎ᠡ ᠵᠦᠢᠯ ᠤᠨ ᠪᠡᠯᠡᠳᠬᠡᠯ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳᠴᠢᠯᠠᠯ ᠠᠮᠢᠳᠤᠷᠠᠯ ᠤᠨ ᠬᠤᠷᠠᠯ ᠤᠨ ᠴᠢᠨᠠᠷ ᠴᠢᠨᠰᠠᠭ᠎ᠠ | ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠪᠥᠬᠦ ᠤᠯᠤᠰ ᠤᠨ ᠤᠯᠤᠰ | ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ | ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠤᠯᠤᠰ ᠲᠥᠷᠥ ᠶᠢᠨ ᠵᠥᠪᠯᠡᠯᠭᠡᠨ ᠤ ᠳᠠᠪᠠᠭᠤᠯᠢᠭ ᠢ | ᠭᠦᠢᠴᠡᠳ ᠪᠠᠳᠠᠷᠠᠭᠤᠯᠤᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ | ᠤᠶᠠᠯᠳᠤᠭᠤᠯᠤᠨ ᠵᠠᠰᠠᠭ ᠤᠨ ᠶᠠᠪᠤᠳᠠᠯ ᠳᠤ ᠣᠷᠣᠯᠴᠠᠨ ᠵᠥᠪᠯᠡᠵᠦ᠂ ᠠᠷᠭ᠎ᠠ ᠤᠬᠠᠭᠠᠨ ᠬᠦᠴᠦᠨ ᠴᠢᠳᠠᠯ ᠢᠶᠠᠨ | ᠡᠷᠭᠦᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠵᠢᠯ ᠤᠨ ᠪᠠᠶᠠᠷ ᠤᠨ ᠦᠭᠡ ᠠᠴᠠ ᠤᠶᠤᠨ | ᠤᠬᠠᠭᠠᠨ ᠤ ᠬᠦᠴᠦᠨ ᠴᠢᠳᠠᠯ ᠢ ᠰᠢᠩᠭᠡᠬᠡᠨ ᠠᠪᠴᠤ᠂ ᠢᠲᠡᠭᠡᠯ ᠵᠣᠷᠢᠭ ᠢᠶᠠᠨ ᠴᠢᠨᠠᠭᠰᠢᠳᠠ ᠴᠢᠩᠭᠠᠳᠬᠠᠵᠤ᠂ | ᠰᠡᠳᠬᠢᠯ ᠬᠦᠴᠦ ᠪᠠᠨ ᠬᠠᠮᠲᠤᠳᠬᠠᠵᠤ ᠡᠨᠡ ᠵᠢᠯ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ | ᠤᠨ ᠠᠵᠢᠯ ᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠰᠢᠨ᠎ᠡ ᠵᠢᠯ | ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠯ᠎ᠡ ᠵᠦᠢᠯ | ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ᠃ ᠵᠠᠬ᠎ᠠ ᠳᠡᠯᠭᠡᠭᠦᠷ | ᠤᠨ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢ | ᠪᠠᠶᠠᠯᠢᠭᠵᠢᠭᠤᠯᠵᠤ᠂ ᠰᠣᠶᠣᠯ ᠪᠠ ᠵᠤᠭᠠᠴᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠢ᠃ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠡᠪᠦᠯ ᠤᠨ ᠳᠤᠯᠠᠭᠠᠯᠠᠭ᠎ᠠ᠂ ᠫᠤᠤᠵᠢᠩ᠂ ᠵᠠᠮ | ᠬᠠᠷᠢᠯᠴᠠᠭ᠎ᠠ᠂ ᠪᠠᠷᠢᠯᠭ᠎ᠠ᠂ ᠭᠠᠯ ᠤᠨᠲᠠᠷᠠᠭᠠᠬᠤ ᠵᠡᠷᠭᠡ ᠬᠦᠷᠢᠶ᠎ᠡ ᠬᠡᠪᠴᠢᠶᠡᠨ ᠤ ᠭᠡᠮ ᠰᠣᠭᠤᠭ ᠢ ᠪᠠᠶᠢᠴᠠᠭᠠᠵᠤ | ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ | ᠬᠠᠮᠠᠭᠠᠯᠠᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠵᠦ᠂ ᠲᠥᠪ ᠭᠤᠣᠯᠴᠢ ᠠᠷᠢᠭᠤᠨ ᠴᠢᠬᠡᠴᠢ ᠰᠢᠯᠢᠳᠡᠭ ᠰᠤᠷᠲᠠᠯ ᠢ ᠪᠠᠳᠠᠷᠠᠭᠤᠯᠤᠨ᠂ ᠰᠤᠷᠲᠠᠯ ᠴᠢᠬᠡᠴᠢ | ᠣᠪᠣᠷ ᠲᠥᠪ᠂ ᠪᠣᠯᠪᠠᠰᠤᠨ᠂ ᠠᠷᠪᠢᠴᠢ ᠭᠠᠮᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ | ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ | ᠪᠦᠬᠦ ᠣᠷᠣᠨ᠂ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠠᠵᠢᠯ ᠤᠨ ᠭᠤᠣᠯ ᠱᠤᠭᠤᠮ ᠢ ᠪᠠᠲᠤ ᠴᠣᠭᠴᠠᠯᠠᠬᠤ ᠶᠢᠨ ᠲᠣᠭᠤᠷᠢᠨ ᠳᠤ ︽ᠲᠠᠪᠤᠨ ᠶᠡᠭᠡ ᠡᠭᠦᠷᠭᠡ︾ | ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ | ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠠᠰ ᠳᠡᠪᠰᠢᠭᠦᠯᠬᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ᠂ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠪᠠ ᠠᠮᠤᠷ | ᠲᠦᠪᠰᠢᠨ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠬᠦᠴᠦ ᠪᠠᠨ | ᠲᠥᠪᠯᠡᠷᠡᠭᠦᠯᠦᠨ ᠰᠢᠨ᠎ᠡ ᠦᠷ᠎ᠡ ᠪᠦᠲᠦᠮᠵᠢ ᠭᠠᠷᠭᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠨᠠᠩ ᠲᠣᠭᠲᠠᠭᠤᠨ᠂ ᠨᠠᠩ ᠰᠠᠶᠢᠲᠤᠷ ᠦᠷᠭᠦᠯᠵᠢᠯᠡᠬᠦ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃ | | |