ᠪᠦᠦ ᠯᠢᠨ ᠭᠤᠸᠠᠩ ᠳ᠋ᠠ ᠯᠠᠨ ᠲᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ︵ᠪᠡᠭᠡᠵᠢᠩ︶ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠤᠷᠠᠯᠳᠤᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2025/1/9
  1 ᠰᠠᠷ᠎ᠠ ᠶᠢᠨ 7 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠦ ᠯᠢᠨ ᠭᠤᠸᠠᠩ ᠳ᠋ᠠ ᠯᠠᠨ ᠲᠢᠶᠠᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ︵ᠪᠡᠭᠡᠵᠢᠩ︶  ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠠᠩ ᠬᠤᠸᠠ ᠹᠧᠩ ᠵᠡᠷᠭᠡ ᠵᠣᠴᠢᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃  ᠬᠤᠰᠢᠭᠤ ᠤᠳᠤᠷᠢᠳᠤᠯᠭ᠎ᠠ ᠶᠣᠣ ᠬᠤᠩ ᠭᠠᠩ᠂ ᠵᠣᠣ ᠭᠦᠸᠧ ᠳ᠋ᠦᠩ᠂ ᠦ᠋ ᠪᠦᠦ ᠫᠢᠩ ᠨᠠᠷ ᠶᠠᠷᠢᠯᠴᠠᠬᠤ ᠬᠤᠷᠠᠯ ᠳᠤ ᠣᠷᠣᠯᠴᠠᠪᠠ᠃    ᠬᠤᠷᠠᠯ ᠳᠤ᠂ ᠬᠤᠶᠠᠷ ᠲᠠᠯ᠎ᠠ ᠪᠠᠷ ᠢᠶᠠᠨ ᠪᠠᠶᠢᠭᠤᠯᠵᠤ ᠪᠠᠶᠢᠭ᠎ᠠ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ  ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠵᠢᠴᠢ ᠰᠢᠨ᠎ᠡ ᠡᠨᠧᠷᠭᠢ ᠶᠢᠨ ᠠᠵᠤ ᠦᠢᠯᠡᠰ ᠤᠨ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠭᠦᠨᠵᠡᠭᠡᠢ ᠵᠥᠪᠳᠡᠨ ᠶᠠᠷᠢᠯᠴᠠᠵᠠᠢ᠃    ᠠᠵᠤ ᠠᠬᠤᠶᠢᠯᠠᠯ ᠤᠨ ᠲᠥᠯᠥᠭᠡᠯᠡᠭᠴᠢ ᠠᠴᠠ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪ ᠵᠠᠭᠪᠤᠷ᠂ ᠪᠦᠲᠦᠭᠡᠭᠳᠡᠬᠦᠨ ᠤ ᠳᠠᠪᠠᠭᠤᠯᠢᠭ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠢ ᠨᠠᠷᠢᠨ ᠲᠠᠨᠢᠯᠴᠠᠭᠤᠯᠤᠭᠰᠠᠨ ᠮᠥᠷᠲᠡᠭᠡᠨ ᠪᠠᠷᠠᠭᠤᠨ ᠦᠵᠦᠮᠦᠴᠢᠨ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ᠂ ᠬᠤᠳᠠᠯᠳᠤᠭ᠎ᠠ ᠡᠷᠭᠢᠯᠡᠬᠦ ᠣᠷᠴᠢᠨ ᠨᠦᠭᠦᠴᠡᠯ ᠵᠡᠷᠭᠡ ᠶᠢ ᠳᠡᠭᠡᠳᠦ ᠬᠡᠮᠵᠢᠶ᠎ᠡ ᠪᠠᠷ ᠦᠨᠡᠯᠡᠵᠡᠢ᠃    ᠪᠦᠦ ᠯᠢᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠡᠯ᠎ᠡ ᠠᠵᠤ ᠠᠬᠤᠶᠢᠯᠠᠯ ᠤᠨ ᠬᠢᠨ ᠪᠠᠷᠠᠭᠤᠨ ᠦᠵᠦᠮᠦᠴᠢᠨ ᠬᠤᠰᠢᠭᠤ ᠯᠤᠭ᠎ᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠳᠠᠯᠳᠠ ᠬᠦᠴᠦᠨ ᠶᠡᠭᠡ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠠᠪᠠᠭᠤᠯᠢᠭ ᠪᠠᠶᠢᠳᠠᠭ᠃ ᠭᠤᠸᠠᠩ ᠳ᠋ᠠ ᠯᠠᠨ ᠲᠢᠶᠠᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠡᠨᠵᠢᠯᠡᠭᠡ ᠮᠡᠷᠭᠡᠵᠢᠯ ︵ᠪᠡᠭᠡᠵᠢᠩ︶ ᠤᠨ ᠬᠢᠵᠠᠭᠠᠷᠲᠤ ᠺᠣᠮᠫᠠᠨᠢ ᠨᠢ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠴᠢᠩᠭ᠎ᠠ᠂ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠥᠷᠭᠡᠨ᠂ ᠰᠢᠨ᠎ᠡ ᠡᠨᠧᠷᠭᠢ᠂ ᠰᠢᠨ᠎ᠡ ᠣᠷᠴᠢᠨ ᠠᠬᠤᠢ ᠶᠢᠨ ᠬᠠᠮᠠᠭᠠᠯᠠᠯᠲᠠ ᠵᠡᠷᠭᠡ  ᠬᠦᠷᠢᠶ᠎ᠡ ᠬᠡᠪᠴᠢᠶᠡᠨ ᠳᠤ ᠬᠦᠴᠦᠷᠬᠡᠭ ᠶᠡᠭᠡ ᠮᠡᠷᠭᠡᠵᠢᠯ ᠤᠨ ᠰᠤᠳᠤᠯᠭᠠᠨ ᠤ ᠬᠦᠴᠦᠨ ᠪᠠ ᠠᠵᠤ ᠦᠢᠯᠡᠰ ᠤᠨ ᠲᠤᠷᠰᠢᠯᠭ᠎ᠠ ᠪᠠᠷ ᠪᠠᠶᠠᠯᠢᠭ ᠪᠠᠶᠢᠳᠠᠭ ᠨᠢ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠴᠢᠭᠯᠡᠯ ᠳᠤ ᠮᠠᠰᠢ ᠲᠣᠬᠢᠷᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠤᠰ  ᠤᠳᠠᠭᠠᠨ ᠤ ᠰᠣᠯᠢᠯᠴᠠᠭ᠎ᠠ ᠪᠠᠷ ᠰᠢᠨ᠎ᠡ ᠭᠠᠷᠤᠭ᠎ᠠ ᠪᠣᠯᠭᠠᠵᠤ᠂ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠷᠢᠯᠴᠠᠭᠠᠨ ᠤ ᠲᠣᠭᠲᠠᠴᠠ ᠶᠢ ᠪᠠᠶᠢᠭᠤᠯᠵᠤ᠂ ᠵᠢᠷᠤᠭ ᠲᠥᠰᠥᠪ ᠢᠶᠠᠨ ᠪᠣᠳᠠᠲᠤ ᠠᠬᠤᠢ ᠳᠤᠮᠳᠠ ᠵᠢᠷᠤᠭᠯᠠᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号