ᠪᠠᠷᠠᠭᠤᠨ ᠦᠵᠦᠮᠦᠴᠢᠨ ᠬᠤᠰᠢᠭᠤᠨ ᠤ ᠤᠷᠲᠤ ᠶᠢᠨ ᠳᠠᠭᠤᠤ ᠶᠢᠨ  ᠨᠡᠶᠢᠭᠡᠮᠯᠢᠭ ᠤᠨ ᠬᠢᠨ ᠴᠠᠭᠠᠠ ᠰᠠᠷ᠎ᠠ  ᠶᠢᠨ ᠦᠳᠡᠰᠢᠯᠡᠭᠡ ᠳᠤ ᠤᠷᠤᠯᠴᠠᠪᠠ
ᠨᠡᠶᠢᠲᠡᠯᠡᠭᠰᠡᠨ ᠴᠠᠭ᠄
2025/1/9
     ᠪᠠᠷᠠᠭᠤᠨ ᠦᠵᠦᠮᠦᠴᠢᠨ ᠬᠤᠰᠢᠭᠤᠨ ᠤ ᠤᠷᠲᠤ ᠶᠢᠨ ᠳᠠᠭᠤᠤ ᠶᠢᠨ ᠨᠡᠶᠢᠭᠡᠮᠯᠢᠭ ᠨᠢ 20 ᠭᠡᠰᠢᠭᠦᠨ ᠢᠶᠠᠨ ᠵᠤᠬᠢᠶᠠᠠ ᠪᠠᠶᠢᠭᠤᠯᠵᠦ᠂ ᠲᠤᠮᠳᠠᠳᠤ ᠤᠯᠤᠰ ᠤᠨ ᠨᠠᠰᠤᠵᠢᠯ ᠤᠨ ᠦᠢᠯᠡᠰ ᠤᠨ ᠰᠠᠭᠤᠷᠢ ᠮᠦᠩᠭᠦᠨ ᠤ ᠨᠡᠶᠢᠭᠡᠮᠯᠢᠭ ᠪᠤᠯᠤᠨ ᠳᠤᠮᠳᠠᠳᠤ ᠤᠯᠤᠰ ᠤᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠨᠡᠶᠢᠭᠡᠮᠯᠢᠭ ᠠᠴᠠ ᠭᠤᠤᠯᠯᠠᠠ ᠡᠷᠬᠢᠯᠡᠭᠰᠡᠡ ︽2025 ᠤᠨ ᠤ ᠨᠠᠰᠤᠲᠠᠶᠢᠴᠦᠳ ᠤᠨ ᠴᠠᠭᠠᠠ ᠰᠠᠷ᠎ᠠ ᠶᠢᠨ ᠦᠳᠡᠰᠢᠯᠡᠭᠡ︾ ᠳᠤ  ᠤᠷᠤᠯᠴᠠᠭᠰᠠᠨ ᠪᠠᠶᠢᠨ᠎ᠠ᠃
    ᠦᠳᠡᠰᠢᠯᠡᠭᠡ ᠨᠢ ᠨᠠᠮ ᠤᠨ ᠬᠤᠷᠢᠲᠤᠭᠠᠷ ᠶᠡᠭᠡ ᠬᠤᠷᠠᠯ ᠤᠨ ᠭᠤᠷᠪᠠᠲᠤᠭᠠᠷ ᠪᠦᠬᠦᠲᠡ ᠬᠤᠷᠠᠯᠲᠤᠭᠠᠠ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠠ᠂ ᠨᠠᠰᠣᠳᠠᠶᠢᠴᠤᠳ ᠤᠨ ᠰᠣᠶᠤᠯ ᠲᠠᠮᠢᠷ ᠤᠨ ᠠᠵᠢᠯᠯᠠᠭ᠎ᠠ ᠶᠢ ᠪᠠᠶᠠᠯᠢᠭᠵᠢᠭᠤᠯᠵᠦ᠂ ︽ᠲᠦᠷᠦ ᠶᠢᠨ ᠶᠠᠪᠤᠳᠠᠯ ᠤᠨ ᠬᠤᠷᠢᠶᠠᠠ ᠤ ᠠᠯᠪᠠᠠ ᠲᠢᠩᠬᠢᠮ ᠠᠴᠠ ᠳᠠᠷᠤᠮᠠᠯᠯᠠᠠ ᠲᠠᠷᠬᠠᠭᠠᠭᠰᠠᠠ ᠠᠵᠦ ᠠᠬᠤᠢ ᠶᠢᠨ ᠨᠡᠮᠡᠭᠲᠡᠯ ᠢᠶᠠᠷ ᠨᠠᠰᠤᠲᠠᠶᠢᠴᠤᠳ ᠤᠨ ᠪᠤᠶᠠᠠ ᠬᠡᠰᠢᠭ ᠢ ᠲᠡᠳᠬᠦᠬᠦ ᠲᠤᠬᠠᠢ ᠰᠠᠨᠠᠯ︾ ᠢ ᠨᠠᠶᠢᠲᠠᠪᠤᠷᠢᠭᠤᠯᠤᠨ ᠳᠡᠳᠡᠨ ᠤ ᠦᠳᠡᠯᠦᠭᠡ ᠨᠠᠰᠤᠨ ᠤ ᠪᠠᠶᠠᠷ ᠪᠠᠶᠠᠰᠤᠯ᠂ ᠵᠤᠯ ᠵᠢᠷᠭᠠᠯ ᠢ ᠨᠡᠮᠡᠭᠲᠡᠭᠦᠯᠵᠦ᠂ ᠨᠠᠰᠤᠲᠠᠠ ᠢᠶᠠᠨ ᠠᠴᠢᠯᠠᠠ ᠬᠦᠨᠳᠦᠳᠭᠡᠬᠦ ᠵᠤᠷᠢᠯᠭ᠎ᠠ ᠪᠠᠷ ᠶᠠᠪᠤᠭᠲᠠᠭᠰᠠᠠ ᠪᠠᠶᠢᠨ᠎ᠠ᠃
    ︽ᠳᠤᠮᠳᠠᠳᠤ ᠶᠢᠨ ᠰᠤᠶᠤᠯ ᠤᠨ ᠷᠢᠳᠢ ᠰᠢᠲᠢ ᠶᠢ ᠪᠠᠳᠠᠷᠠᠭᠤᠯᠤᠨ᠂ ᠪᠤᠭᠤᠷᠤᠯᠴᠤᠳ ᠤᠨ ᠴᠠᠭ ᠦᠶ᠎ᠡ ᠶᠢᠨ ᠴᠤᠭ ᠵᠢᠪᠬᠤᠭ᠎ᠠ ᠶᠢ ᠳᠡᠯᠭᠡᠷᠡᠭᠦᠯᠬᠦ︾ ᠭᠡᠰᠡᠡ ᠭᠤᠤᠯ ᠰᠡᠳᠦᠪ ᠲᠠᠢ ᠡᠨᠡᠬᠦ ᠦᠳᠡᠰᠢᠯᠡᠭᠡ ᠶᠢ 1 ᠰᠠᠷ᠎ᠠ ᠶᠢᠨ 5 — 7 ᠤ ᠡᠳᠦᠷ ᠪᠡᠭᠡᠵᠢᠩ ᠤᠨ ︽ᠰᠢᠩ ᠭᠤᠸᠠᠩ ᠺᠢᠨᠣ᠋ ᠲᠧᠯᠸᠢᠰ ᠵᠢᠷᠤᠭᠯᠠᠠ ᠦᠢᠯᠡᠳᠬᠦ ᠭᠠᠵᠠᠷ︾ ᠰᠡᠭᠦᠳᠡᠷᠯᠡᠡ ᠰᠢᠩᠭᠡᠭᠡᠭᠰᠡᠡ ᠪᠠᠶᠢᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠤᠷᠲᠤ ᠶᠢᠨ ᠳᠠᠭᠤᠤ ᠶᠢᠨ ᠨᠡᠶᠢᠭᠡᠮᠯᠢᠭ ᠤᠨ ᠬᠢᠨ ᠲᠡᠦᠬᠡᠡ ᠬᠦᠮᠦᠨ᠂ ᠠᠪᠤᠷᠭᠤ ᠪᠦᠬᠡ ︽ᠳᠦᠭᠦᠷᠡᠩᠵᠠᠭᠠᠠ︾ ᠢᠶᠠᠨ ᠳᠠᠭᠤᠯᠠᠵᠦ ᠤᠷᠤᠯᠴᠠᠠ᠂ ᠦᠵᠦᠮᠦᠴᠢᠨ ᠪᠦᠬᠡ  ᠶᠢᠨ ᠬᠡᠶᠢᠮᠦᠷᠢ ᠰᠦᠯᠲᠡ ᠶᠢ ᠨᠡᠶᠢᠰᠯᠡᠯ ᠤᠨ ᠲᠠᠶᠢᠰᠠᠨ᠎ᠠ ᠳᠡᠯᠭᠡᠡ ᠬᠠᠷᠠᠭᠤᠯᠵᠦ᠂ ᠤᠷᠲᠤ ᠶᠢᠨ ᠳᠠᠭᠤᠤ ᠪᠠ ᠤᠷᠲᠤ  ᠶᠢᠨ ᠳᠠᠭᠤᠴᠢᠳ ᠤᠨ ᠢᠶᠠᠨ ᠲᠦᠷᠢ ᠲᠦᠷᠬᠦ ᠶᠢ ᠢᠯᠡᠷᠡᠭᠦᠯᠦᠭᠰᠡᠡ ᠪᠠᠶᠢᠨ᠎ᠠ᠃ ︽2025 ᠤᠨ ᠤ ᠨᠠᠰᠤᠲᠠᠶᠢᠴᠦᠳ  ᠤᠨ ᠴᠠᠭᠠᠠ ᠰᠠᠷ᠎ᠠ ᠶᠢᠨ ᠦᠳᠡᠰᠢᠯᠡᠭᠡ︾ ᠶᠢ ᠬᠦᠬᠡᠭᠴᠢᠨ ᠮᠤᠭᠠᠢ ᠵᠢᠯ ᠤᠨ ᠴᠠᠭᠠᠠ ᠰᠠᠷ᠎ᠠ ᠶᠢᠨ ᠰᠢᠨ᠎ᠡ ᠶᠢᠨ ᠨᠢᠭᠡᠡ  ᠠᠴᠠ ᠠᠷᠪᠠᠠ ᠲᠠᠪᠤᠨ ᠤ ᠦᠯᠵᠡᠶᠢᠲᠦ  ᠡᠳᠦᠷ ᠤᠨ ᠪᠠᠶᠠᠷ ᠪᠤᠯᠲᠠᠯᠠᠬᠢ ᠬᠤᠭᠤᠴᠠᠭᠠᠠ ᠳᠤ ᠲᠦᠪ ᠲᠧᠯᠸᠢᠰ᠂ ᠠᠽᠢᠶ᠎ᠠ ᠲᠧᠯᠸᠢᠰ ᠵᠢᠴᠢ ᠳᠤᠮᠳᠠᠳᠤ ᠤᠯᠤᠰ ᠤᠨ ᠰᠤᠷᠭᠠᠠ ᠬᠦᠮᠦᠵᠢᠯ ᠤᠨ ᠰᠤᠪᠠᠭ ᠵᠡᠷᠭᠡ ᠪᠠᠷ ᠳᠠᠮᠵᠢᠭᠤᠯᠤᠨ ᠬᠦᠷᠭᠡᠬᠦ ᠪᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号