ᠪᠠᠶᠠᠨᠪᠣᠯᠠᠭ ᠤᠨ ᠮᠠᠯᠴᠢᠳ ᠰᠢᠨ᠎ᠡ ᠣᠨ ᠢᠶᠠᠷ ᠠᠰᠢᠭ ᠬᠤᠪᠢᠶᠠᠷᠢᠯᠠᠭᠠᠳ ᠶᠠᠭᠠᠷᠠᠣ
ᠨᠡᠶᠢᠲᠡᠯᠡᠭᠰᠡᠨ ᠴᠠᠭ᠄
2025/1/9
    1 ᠰᠠᠷ᠎ᠠ ᠶᠢᠨ 7 ᠤ ᠦᠷᠯᠦᠭᠡ ᠬᠤᠭᠤᠯᠠᠳᠣ ᠶᠢᠨ ᠭᠤᠣᠯ ᠪᠠᠯᠭᠠᠰᠣᠨ ᠤ ᠪᠠᠶᠠᠨᠪᠣᠯᠠᠭ ᠭᠠᠴᠠᠭᠠᠨ ᠤ ᠮᠠᠯᠴᠢᠳ ᠡᠪᠦᠯ ᠴᠠᠭ ᠤᠨ ᠠᠵᠢᠯ ᠬᠢᠳᠡᠯ ᠢᠶᠠᠨ ᠴᠢᠯᠦᠭᠡᠴᠢᠯᠡᠵᠦ ᠭᠠᠴᠠᠭᠠᠨ ᠤ ᠪᠠᠨ ᠠᠯᠪᠠᠨ ᠭᠡᠷ  ᠲᠡᠭᠡᠷ᠎ᠡ ᠢᠷᠡᠵᠡᠭᠡᠵᠡᠢ᠂ ᠲᠡᠳᠡ ᠦᠴᠦᠭᠡᠳᠦᠷ ᠭᠠᠴᠠᠭᠠᠨ ᠤ ᠪᠠᠨ ᠸᠢᠴᠠᠲ ᠲᠠᠪᠴᠠᠩ ᠠᠴᠠ ᠬᠤᠪᠢᠴᠠᠭᠠᠳᠣ ᠬᠤᠷᠰᠢᠶᠠᠵᠢᠯ ᠨᠢ ᠠᠰᠢᠭ ᠬᠤᠪᠢᠶᠠᠷᠢᠯᠠᠬᠤ ᠰᠠᠶᠢᠬᠠᠨ ᠴᠢᠮᠡᠭᠡ ᠶᠢ ᠲᠣᠭᠤᠯᠣᠭᠰᠠᠨ ᠪᠠᠶᠢᠵᠠᠢ᠃     ᠪᠠᠶᠠᠨᠪᠣᠯᠠᠭ ᠭᠠᠴᠠᠭ᠎ᠠ ᠨᠢ ᠣᠶᠢᠷ᠎ᠠ ᠶᠢᠨ ᠬᠡᠳᠦᠨ ᠵᠢᠯ ᠳᠤ ᠮᠠᠯᠴᠢᠳ ᠤᠨ ᠢᠶᠠᠨ ᠪᠣᠳᠠᠳᠣ ᠪᠠᠶᠢᠳᠠᠯ ᠳᠤ ᠦᠨᠳᠦᠰᠦᠯᠡᠨ᠂ ᠭᠠᠵᠠᠷ ᠣᠷᠣᠨ ᠳᠤ ᠪᠠᠶᠢᠭ᠎ᠠ ᠲᠠᠪᠠᠭᠤᠯᠢᠭ ᠠᠵᠣ ᠠᠬᠤᠢ᠂ ᠵᠢᠭᠤᠯᠴᠢᠯᠠᠯ᠂ ᠨᠣᠳᠤᠭ ᠪᠡᠯᠴᠢᠭᠡᠷ ᠤᠨ  ᠢᠶᠠᠨ ᠨᠦᠬᠦᠴᠡᠯ ᠪᠦᠬᠦᠨ ᠢ ᠠᠰᠢᠭᠯᠠᠨ ᠬᠠᠮᠳᠣ ᠶᠢᠨ ᠠᠵᠣ ᠠᠬᠤᠢ ᠶᠢᠨ ᠲᠦᠷᠦᠯ ᠵᠦᠢᠯ ᠳᠡᠭᠡᠨ ᠣᠷᠣᠭᠤᠯᠣᠨ᠂ ᠣᠷᠣᠯᠭ᠎ᠠ ᠡᠭᠦᠳᠴᠦ ᠮᠠᠯᠴᠢᠳ ᠤᠨ ᠠᠮᠢᠳᠣᠷᠠᠯ ᠳᠤ  ᠲᠣᠰᠠᠯᠠᠬᠤ ᠣᠯᠠᠨ ᠲᠠᠯ᠎ᠠ ᠶᠢᠨ ᠠᠷᠭ᠎ᠠ ᠬᠡᠮᠵᠢᠶ᠎ᠡ ᠶᠢ ᠠᠪᠣᠭᠰᠠᠨ ᠪᠠᠶᠢᠨ᠎ᠠ᠃2023 ᠣᠨ ᠠᠴᠠ ᠪᠠᠶᠠᠨᠪᠣᠯᠠᠭ ᠭᠠᠴᠠᠭ᠎ᠠ ᠨᠢ ᠨᠣᠳᠤᠭ ᠪᠡᠯᠴᠢᠭᠡᠷ ᠤᠨ ᠲᠠᠪᠠᠭᠤᠯᠢᠭ ᠢᠶᠠᠨ ᠠᠰᠢᠭᠯᠠᠨ ︽ᠰᠢᠮ᠎ᠡ︾ ᠡᠪᠡᠰᠦᠨ ᠤ ᠦᠢᠯᠡᠰ ᠤᠨ ᠠᠵᠣ ᠠᠬᠤᠶᠢᠯᠠᠯ ᠲᠠᠢ ᠬᠠᠮᠳᠣᠷᠠᠨ ᠠᠵᠢᠯᠯᠠᠵᠣ ᠬᠢᠨᠡᠯᠳᠡ ᠬᠠᠮᠢᠶᠠᠷᠣᠯᠳᠠ ᠬᠢᠵᠦ  ᠣᠷᠣᠯᠭ᠎ᠠ ᠡᠭᠦᠳᠬᠦ ᠬᠡᠯᠪᠡᠷᠢ ᠶᠢ ᠠᠪᠴᠣ ᠪᠠᠶᠢᠭᠰᠠᠨ ᠠᠴᠠ ᠭᠠᠳᠠᠨ᠎ᠠ ᠡᠷᠬᠢᠨ ᠲᠣᠭᠤᠷᠢᠨ ᠤ ᠠᠵᠣ ᠠᠬᠤᠶᠢᠯᠠᠯ ᠲᠠᠢ ᠬᠠᠮᠳᠣᠷᠠᠨ ᠠᠵᠢᠯᠯᠠᠬᠤ ᠪᠠ ᠭᠠᠴᠠᠭᠠᠨ ᠳᠣᠳᠣᠷᠠᠬᠢ ᠠᠭᠤᠷᠬᠠᠢ ᠳᠤ ᠨᠡᠪᠳᠡᠷᠡᠬᠦ ᠵᠠᠮ ᠱᠣᠭᠤᠮ ᠲᠠᠭᠠᠣ ᠣᠷᠴᠢᠨ ᠲᠣᠭᠤᠷᠢᠨ ᠤ ᠴᠡᠪᠡᠷᠯᠡᠭᠡ ᠶᠢ ᠳᠠᠭᠠᠭᠠᠴᠢᠯᠠᠨ ᠠᠪᠬᠤ᠂ ᠭᠠᠴᠠᠭᠠᠨ ᠤ ᠪᠠᠨ 600 ᠭᠠᠷᠣᠢ ᠬᠠᠮᠳᠣ ᠶᠢᠨ ᠬᠤᠨᠢᠨ ᠰᠦᠷᠦᠭ ᠢ ᠬᠦᠴᠢᠷᠳᠡᠯᠳᠡᠢ ᠡᠷᠦᠭᠡ ᠳᠤ ᠪᠠᠨ ᠬᠤᠪᠢᠶᠠᠨ ᠲᠠᠭᠠᠭᠠᠴᠢᠯᠠᠭᠤᠯᠬᠤ᠂ ᠱᠠᠷᠦ᠋ᠯᠠᠢ ᠡᠭᠦᠯᠳᠡᠷ ᠤᠨ 100 ᠭᠠᠷᠣᠢ ᠲᠣᠯᠣᠭᠠᠢ ᠦᠨᠢᠶ᠎ᠡ ᠮᠠᠯᠵᠢᠨ ᠵᠢᠯ ᠤᠨ ᠣᠷᠣᠯᠭ᠎ᠠ ᠡᠭᠦᠳᠬᠦ᠂ ᠨᠣᠳᠤᠭ ᠣᠰᠣᠨ ᠤ ᠪᠠᠨ ᠠᠰᠢᠭᠲᠠᠢ ᠨᠦᠬᠦᠴᠡᠯ ᠢ ᠠᠰᠢᠭᠯᠠᠨ ᠵᠢᠭᠤᠯᠴᠢᠯᠠᠯ ᠤᠨ ᠣᠷᠣᠯᠭ᠎ᠠ ᠪᠠᠨ ᠨᠡᠮᠡᠭᠳᠡᠬᠦᠯᠬᠦ ᠵᠡᠷᠭᠡ ᠣᠯᠠᠨ ᠲᠠᠯ᠎ᠠ ᠶᠢᠨ ᠠᠰᠢᠭᠳᠠᠢ ᠠᠷᠭ᠎ᠠ ᠬᠡᠮᠵᠢᠶ᠎ᠡ ᠶᠢ ᠠᠪᠴᠦ 2023 ᠣᠨ ᠳᠤ 65 ᠲᠦᠮᠡᠨ ᠲᠦᠭᠦᠷᠢᠭ ᠤᠨ ᠴᠡᠪᠡᠷ ᠣᠷᠣᠯᠭ᠎ᠠ ᠡᠭᠦᠳᠴᠦ᠂ 2024 ᠣᠨ ᠪᠣᠯᠬᠤ ᠳᠤ ᠬᠠᠮᠳᠣ ᠶᠢᠨ ᠠᠵᠣ ᠠᠬᠤᠢ ᠶᠢᠨ ᠣᠷᠣᠯᠭ᠎ᠠ ᠨᠢ 100 ᠲᠦᠮᠡ ᠶᠢ ᠲᠠᠪᠠᠭᠰᠠᠨ ᠪᠠᠶᠢᠨ᠎ᠠ᠃     ᠡᠨᠡ ᠵᠢᠯ ᠪᠠᠶᠠᠨᠪᠣᠯᠠᠭ ᠭᠠᠴᠠᠭᠠᠨ ᠤ ᠡᠭᠦᠷ ᠵᠦᠪᠯᠡᠯ ᠤᠨ ᠬᠢᠨ ᠬᠠᠮᠳᠣ ᠶᠢᠨ ᠠᠵᠣ ᠠᠬᠤᠢ ᠶᠢᠨ ᠣᠷᠣᠯᠭ᠎ᠠ  ᠠᠴᠠ ᠪᠠᠨ ᠪᠡᠯᠡ ᠮᠥᠩᠭᠦ ᠭᠠᠷᠭᠠᠨ ᠮᠠᠯᠴᠢᠳ ᠤᠨ ᠢᠶᠠᠨ ᠬᠤᠷᠰᠢᠭᠰᠠᠨ ᠡᠮᠨᠡᠯᠭᠡ ᠶᠢᠨ ᠰᠦᠢᠳᠬᠡᠯ ᠮᠥᠩᠬᠦ ᠶᠢ ᠨᠢ ᠲᠣᠰᠢᠶᠠᠵᠣ ᠦᠭᠭᠦᠭᠰᠡᠨ ᠪᠦᠭᠡᠳ ᠮᠠᠯᠴᠢᠳ ᠤᠨ ᠢᠶᠠᠨ ᠡᠨᠡ ᠵᠢᠯ ᠤᠨ ᠮᠠᠯ ᠠᠵᠣ ᠠᠬᠤᠢ ᠶᠢᠨ ᠣᠷᠣᠯᠭ᠎ᠠ ᠲᠣᠭᠳᠠᠭᠤᠨ ᠪᠣᠰᠣ ᠪᠠᠶᠢᠳᠠᠯ ᠳᠤ ᠴᠢᠭᠯᠡᠬᠦᠯᠦᠨ ᠰᠢᠨ᠎ᠡ ᠨᠢᠭᠡ ᠵᠢᠯ ᠬᠦᠷᠴᠦ ᠢᠷᠡᠭᠰᠡᠨ ᠲᠠᠰᠢᠷᠠᠮ ᠢᠶᠠᠷ᠂ ᠡᠨᠡ ᠡᠳᠦᠷ ᠭᠠᠴᠠᠭᠠᠨ ᠤ ᠪᠠᠨ 147 ᠮᠠᠯᠴᠢᠨ ᠡᠷᠦᠭᠡ ᠶᠢᠨ 458 ᠬᠦᠮᠦᠨ ᠳᠤ ᠬᠦᠮᠦᠨ ᠪᠦᠷᠢ ᠳᠤ 400 ᠲᠦᠭᠦᠷᠢᠭ ᠤᠨ ᠠᠰᠢᠭ ᠬᠤᠪᠢᠶᠠᠷᠢᠯᠠᠵᠣ ᠦᠭᠭᠦᠭᠰᠡᠨ ᠪᠦᠭᠡᠳ ᠶᠡᠭᠡ ᠰᠣᠷᠭᠠᠭᠤᠯᠢ ᠳᠤ ᠰᠣᠷᠣᠯᠴᠠᠵᠣ ᠪᠠᠶᠢᠭ᠎ᠠ ᠲᠠᠪᠤᠨ ᠣᠶᠣᠳᠠᠨ ᠳᠤ ᠬᠦᠮᠦᠨ ᠪᠦᠷᠢ ᠳᠤ 2000 ᠲᠦᠭᠦᠷᠢᠭ ᠤᠨ ᠵᠣᠷᠢᠭᠵᠢᠭᠤᠯᠣᠯ ᠤᠨ ᠮᠥᠩᠭᠦ ᠣᠯᠭᠤᠵᠣ᠂ ᠬᠠᠮᠳᠣ ᠶᠢᠨ ᠠᠵᠣ ᠠᠬᠤᠢ ᠶᠢᠨ ᠣᠷᠣᠯᠭ᠎ᠠ ᠪᠠᠨ ᠮᠠᠯᠴᠢᠳ ᠤᠨ ᠪᠣᠳᠠᠳᠣ ᠠᠮᠢᠳᠣᠷᠠᠯ ᠤᠨ ᠭᠡᠷᠡᠭᠴᠡᠭᠡ ᠳᠤ ᠵᠣᠷᠢᠭᠤᠯᠬᠤ᠂ ᠬᠠᠮᠳᠣ ᠪᠠᠷ ᠠᠰᠢᠭ ᠡᠭᠦᠳᠴᠦ ᠬᠠᠮᠳᠣ ᠪᠠᠷ ᠬᠦᠷᠳᠡᠬᠦ ᠪᠣᠳᠠᠳᠠᠢ ᠠᠵᠢᠯ ᠤᠨ ᠪᠦᠳᠦᠮᠵᠢ ᠪᠠᠨ ᠬᠠᠷᠠᠭᠤᠯᠣᠭᠰᠠᠨ ᠪᠠᠶᠢᠨ᠎ᠠ᠃          
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号