ᠮᠧᠩ ᠹᠠᠨ ᠸᠧᠢ ᠂ ᠡᠷᠡᠭᠲᠡᠢ᠂ ᠬᠢᠲᠠᠳ ᠦᠨᠳᠦᠰᠦᠲᠡᠨ᠂ 1985 ᠣᠨ ᠤ 2 ᠰᠠᠷ᠎ᠠ ᠳᠤ ᠲᠦᠷᠦᠵᠡᠢ᠂ ᠶᠡᠭᠡ | ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠭᠡᠰᠢᠭᠦᠨ᠃ | ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠪᠠᠷᠠᠭᠤᠨ | ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠠᠵᠢᠯ ᠤᠨ ᠬᠤᠪᠢᠶᠠᠷᠢᠯᠠᠯ | ᠬᠤᠰᠢᠭᠤ ᠳᠠᠷᠤᠭ᠎ᠠ ᠶᠢ ᠬᠠᠮᠵᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ᠂ ᠷᠠᠳᠢᠣ᠋ ᠲᠧᠯᠸᠢᠰ᠂ ᠬᠤᠲᠠ ᠶᠢᠨ | ᠬᠠᠮᠢᠶᠠᠷᠤᠯᠲᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ ᠃ | ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ | ᠬᠠᠷᠢᠭᠤᠴᠠᠨ᠎ᠠ᠃ | ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠬᠤᠲᠠ ᠶᠢᠨ ᠬᠠᠮᠢᠶᠠᠷᠤᠯᠲᠠ ᠶᠢᠨ | ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ ᠢ ᠬᠤᠪᠢᠳᠠᠨ ᠬᠠᠮᠢᠶᠠᠷᠤᠨ᠎ᠠ᠃ | ᠬᠤᠰᠢᠭᠤ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠠᠮ | ᠵᠠᠭᠤᠴᠢᠯᠠᠭᠤᠷ ᠤᠨ ᠲᠥᠪ᠂ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ᠂ ᠰᠣᠶᠣᠯ ᠵᠢᠭᠤᠯᠴᠢᠯᠠᠯ ᠤᠨ ᠪᠡᠯᠡ | ᠣᠷᠣᠭᠤᠯᠤᠯᠲᠠ ᠶᠢᠨ ᠺᠣᠮᠫᠠᠨᠢ᠂ ᠤᠰᠤ ᠬᠠᠩᠭᠠᠬᠤ ᠤᠰᠤ ᠵᠠᠯᠠᠬᠤ ᠺᠣᠮᠫᠠᠨᠢ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡᠨ ᠤ ᠬᠡᠯᠲᠡᠰ᠂ ᠭᠠᠯᠲᠤ ᠲᠡᠷᠭᠡᠨ ᠤ ᠥᠷᠲᠡᠭᠡ᠂ ᠰᠢᠨᠬᠤᠸᠠ | ᠨᠣᠮ ᠤᠨ ᠳᠡᠯᠭᠡᠭᠦᠷ ᠲᠠᠢ ᠬᠠᠷᠢᠯᠴᠠᠨ᠎ᠠ᠃ | | | |