2025 ᠣᠨ ᠤ ᠪᠠᠷᠠᠭᠤᠨ ᠦᠵᠦᠮᠦᠴᠢᠨ ᠬᠤᠰᠢᠭᠤᠨ ᠤ ︽ᠬᠠᠪᠤᠷ ᠤᠨ ᠤᠯᠠᠷᠢᠯ︾ ᠤᠨ ᠲᠣᠮᠣ ᠬᠡᠯᠪᠡᠷᠢ ᠶᠢᠨ ᠠᠵᠢᠯᠴᠢᠨ ᠡᠯᠰᠡᠬᠦ ᠴᠤᠭᠯᠠᠭᠠᠨ ᠢ ᠡᠷᠭᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/2/14
    ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠵᠢᠯ ᠣᠯᠭᠤᠯᠲᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠠᠶᠢᠷᠢᠯᠠᠭᠤᠯᠤᠯᠳᠠ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ 2025 ᠣᠨ ᠤ ᠠᠩᠬᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠦ᠂ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠭᠦᠨᠵᠡᠭᠡᠢ ᠠᠬᠢᠭᠤᠯᠤᠨ᠂ ᠪᠦᠬᠦ ᠬᠦᠴᠦᠨ ᠢᠶᠠᠷ ᠢᠶᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠢᠯᠴᠢᠨ ᠬᠡᠷᠡᠭᠯᠡᠬᠦ ᠶᠢ ᠪᠠᠲᠤᠯᠠᠵᠤ᠂ ᠬᠥᠭᠵᠢᠯᠲᠡ ᠶᠢ ᠠᠬᠢᠭᠤᠯᠤᠨ᠂ ᠥᠷᠭᠡᠨ ᠣᠯᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠬᠥᠳᠡᠯᠮᠦᠷᠢᠴᠢᠳ ᠲᠤ ᠠᠵᠢᠯ ᠤᠨ ᠪᠠᠶᠢᠷᠢ ᠬᠠᠩᠭᠠᠬᠤ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠬᠠᠩᠭᠠᠬᠤ ᠶᠢᠨ ᠳᠦᠯᠦᠭᠡ᠂ 2025 ᠣᠨ ᠤ ︽ᠬᠠᠪᠤᠷ ᠤᠨ ᠤᠯᠠᠷᠢᠯ ︾ ᠤᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠡᠷᠭᠢᠯᠡᠬᠦ ᠪᠠᠷ ᠪᠤᠯᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠤᠤᠷ᠎ᠠ ᠮᠡᠳᠡᠭᠳᠡᠶ᠎ᠡ᠄   ᠨᠢᠭᠡ᠂ ᠠᠵᠢᠯᠯᠠᠭ᠎ᠠ ᠶᠢᠨ ᠨᠡᠷᠡᠶᠢᠳᠦᠯ   2025 ᠣᠨ ᠤ ᠪᠠᠷᠠᠭᠤᠨ ᠦᠵᠦᠮᠦᠴᠢᠨ ᠬᠤᠰᠢᠭᠤᠨ ᠤ ︽ᠬᠠᠪᠤᠷ ᠤᠨ ᠤᠯᠠᠷᠢᠯ︾ ᠤᠨ ᠲᠤᠬᠠᠢ ᠶᠢᠨ ᠲᠠᠯᠠᠪᠠᠶ ᠶᠢᠨ ᠠᠵᠢᠯᠲᠠᠨ ᠡᠯᠰᠡᠬᠦ ᠲᠣᠮᠣ ᠬᠡᠯᠪᠡᠷᠢ ᠶᠢᠨ ᠬᠤᠷᠠᠯ   ᠬᠤᠶᠠᠷ᠂ ᠠᠵᠢᠯᠯᠠᠭ᠎ᠠ ᠶᠢᠨ ᠭᠤᠣᠯ ᠰᠡᠳᠦᠪ   ᠬᠠᠪᠤᠷ ᠤᠨ ᠤᠯᠠᠷᠢᠯ ᠳᠤ ᠠᠵᠢᠯ ᠤᠨ ᠪᠠᠶᠢᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠤᠨ ᠤᠨᠢᠨ ᠳᠡᠭᠡᠷ᠎ᠡ ᠨᠢ ᠦᠢᠯᠡᠴᠢᠯᠡᠵᠦ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ   ᠭᠤᠷᠪᠠ᠂ ᠴᠠᠭ ᠪᠠ ᠭᠠᠵᠠᠷ   ᠴᠠᠭ᠄ 2025 ᠣᠨ ᠤ 2 ᠰᠠᠷ᠎ᠠ ᠶᠢᠨ 26 ᠤ ᠡᠳᠦᠷ ︵ᠭᠠᠷᠠᠭ ᠤᠨ ᠭᠤᠷᠪᠠᠨ︶ ᠤᠨ ᠦᠳᠡ ᠶᠢᠨ ᠡᠮᠦᠨᠡᠬᠢ 9 ᠴᠠᠭ   ᠭᠠᠵᠠᠷ᠄ ᠪᠠᠷᠠᠭᠤᠨ ᠦᠵᠦᠮᠦᠴᠢᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠮᠣ ᠠᠰᠠᠷ ᠤᠨ ᠨᠢᠭᠡᠳᠦᠭᠡᠷ ᠲᠠᠪᠬᠤᠷᠭ᠎ᠠ ᠶᠢᠨ ᠶᠡᠭᠡ ᠲᠠᠩᠬᠢᠮ   ᠳᠥᠷᠪᠡ᠂ ᠦᠢᠯᠡᠴᠢᠯᠡᠬᠦ ᠡᠲᠡᠭᠡᠳ   ︵ᠨᠢᠭᠡ︶ ᠠᠵᠢᠯ ᠣᠯᠬᠤ ᠠᠳᠠᠯ ᠦᠢᠯᠡᠰ ᠴᠣᠭᠴᠠᠯᠠᠬᠤ ᠰᠠᠨᠠᠭ᠎ᠠ ᠲᠠᠢ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢᠴᠢᠨ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ︵ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ ᠪᠠᠭᠲᠠᠨ᠎ᠠ︶᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ᠂ ᠭᠠᠳᠠᠭᠰᠢ ᠭᠠᠷᠴᠤ ᠬᠦᠴᠦ ᠶᠠᠪᠤᠬᠤ ᠪᠠ ᠣᠶᠢᠷ᠎ᠠ ᠬᠠᠪᠢ ᠳᠠᠭᠠᠨ ᠠᠵᠢᠯ ᠣᠯᠵᠤ ᠠᠳᠠᠯ ᠦᠢᠯᠡᠰ ᠴᠣᠭᠴᠠᠯᠠᠬᠤ ᠪᠠᠷ ᠪᠠᠶᠢᠭ᠎ᠠ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠥᠩᠭᠡᠷᠡᠭᠰᠡᠨ ᠬᠤᠭᠤᠴᠠᠭᠠᠨ ᠤ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ᠃   ︵ᠬᠤᠶᠠᠷ︶ ᠠᠵᠢᠯᠴᠢᠨ ᠬᠡᠷᠡᠭᠰᠡᠬᠦ ᠬᠡᠷᠡᠭᠴᠡᠭᠡ ᠱᠠᠭᠠᠷᠳᠠᠯᠭ᠎ᠠ ᠲᠠᠢ ᠬᠥᠮᠥᠨ ᠬᠡᠷᠡᠭᠯᠡᠬᠦ ᠨᠢᠭᠡᠴᠡ᠂ ᠢᠯᠠᠩᠭᠤᠶ᠎ᠠ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠬᠠᠩᠭᠠᠯᠭ᠎ᠠ ᠶᠢᠨ ᠬᠡᠯᠬᠢᠶᠡᠨ ᠤ ᠠᠵᠤ ᠠᠬᠤᠶᠢᠯᠠᠯ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠃   ︵ᠭᠤᠷᠪᠠ︶ ᠠᠵᠢᠯ ᠣᠯᠬᠤ ᠠᠳᠠᠯ ᠦᠢᠯᠡᠰ ᠴᠣᠭᠴᠠᠯᠠᠬᠤ ᠰᠠᠨᠠᠭ᠎ᠠ ᠲᠠᠢ ᠬᠥᠳᠡᠯᠮᠦᠷᠢᠴᠢᠨ᠃   ᠲᠠᠪᠤ᠂ ᠠᠵᠢᠯᠲᠠᠨ ᠡᠯᠰᠡᠬᠦ ᠴᠤᠭᠯᠠᠭᠠᠨ ᠤ ᠠᠵᠢᠯᠯᠠᠭ᠎ᠠ ᠶᠢᠨ ᠠᠭᠤᠯᠭ᠎ᠠ   ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ︽ᠲᠤᠬᠠᠢ ᠶᠢᠨ ᠲᠠᠯᠠᠪᠠᠶ + ᠰᠦᠯᠵᠢᠶ᠎ᠡ + ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠬᠡᠯᠪᠡᠷᠢ ᠪᠠᠷ ᠶᠠᠪᠤᠭᠳᠠᠭᠤᠯᠵᠤ᠂ ᠰᠦᠯᠵᠢᠶᠡᠨ ᠭᠠᠳᠠᠨ᠎ᠠ ᠪᠠ ᠰᠦᠯᠵᠢᠶᠡᠨ ᠳᠡᠭᠡᠷ᠎ᠡ ᠠᠵᠢᠯᠲᠠᠨ ᠬᠡᠷᠡᠭᠯᠡᠬᠦ ᠨᠢᠭᠡᠴᠡ ᠳᠤ ᠠᠵᠢᠯᠲᠠᠨ ᠡᠯᠰᠡᠬᠦ ᠮᠡᠳᠡᠭᠡ ᠵᠠᠩᠭᠢ ᠶᠢ ᠵᠡᠷᠭᠡᠪᠡᠷ ᠨᠡᠶᠢᠲᠡᠯᠡᠵᠦ᠂ ᠠᠵᠢᠯ ᠡᠷᠢᠭᠰᠡᠳ ᠲᠤ ᠠᠵᠢᠯ ᠣᠯᠭᠤᠬᠤ ᠦᠢᠯᠡᠴᠢᠯᠡᠭᠡ ᠬᠠᠩᠭᠠᠨ᠎ᠠ᠃   ᠲᠤᠬᠠᠢ ᠶᠢᠨ ᠲᠠᠯᠠᠪᠤᠷ ᠲᠤ ᠠᠵᠢᠯᠲᠠᠨ ᠡᠯᠰᠡᠬᠦ ᠲᠣᠭᠤᠷᠢᠭ᠂ ᠰᠢᠭᠤᠳ ᠨᠡᠪᠲᠡᠷᠡᠭᠦᠯᠭᠡ ᠶᠢᠨ ᠠᠵᠢᠯ ᠤᠨ ᠪᠠᠶᠢᠷᠢ ᠲᠠᠨᠢᠯᠴᠠᠭᠤᠯᠬᠤ ᠲᠣᠭᠤᠷᠢᠭ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢᠨ ᠲᠣᠭᠤᠷᠢᠭ ᠵᠡᠷᠭᠡ 3 ᠴᠢᠳᠠᠮᠵᠢᠲᠤ ᠲᠣᠭᠤᠷᠢᠭ ᠢ ᠲᠣᠬᠢᠷᠠᠭᠤᠯᠪᠠ᠃ ᠰᠦᠯᠵᠢᠶᠡᠨ ᠳᠡᠭᠡᠷ᠎ᠡ ︽ᠪᠠᠷᠠᠭᠤᠨ ᠦᠵᠦᠮᠦᠴᠢᠨ ᠤ ᠠᠵᠢᠯ ᠣᠯᠭᠤᠯᠲᠠ︾ ᠸᠢᠴᠠᠲ ᠤᠨ ᠨᠣᠮᠧᠷ ᠢ ᠠᠰᠢᠭᠯᠠᠬᠤ ᠶᠢ ᠵᠡᠷᠭᠡ ᠪᠠᠷ ᠶᠠᠪᠤᠭᠳᠠᠭᠤᠯᠤᠨ᠎ᠠ᠃   ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ   ᠥᠷᠭᠡᠨ ᠤᠯᠠᠨ ᠬᠥᠮᠥᠨ ᠬᠡᠷᠡᠭᠯᠡᠬᠦ ᠨᠢᠭᠡᠴᠡ ᠪᠠ ᠠᠵᠢᠯ ᠡᠷᠢᠭᠰᠡᠳ ᠤᠨ ᠠᠵᠢᠯᠯᠠᠭ᠎ᠠ ᠳᠤ ᠢᠳᠡᠪᠬᠢᠳᠡᠢ ᠣᠷᠣᠯᠴᠠᠬᠤ ᠶᠢ ᠬᠦᠰᠡᠵᠦ ᠪᠠᠶᠢᠨ᠎ᠠ︕ ᠬᠥᠮᠥᠨ ᠬᠡᠷᠡᠭᠯᠡᠬᠦ ᠨᠢᠭᠡᠴᠡ ᠤᠲᠠᠰᠤ ᠪᠠᠷ ᠤᠷᠢᠳᠴᠢᠯᠠᠨ ᠬᠠᠷᠢᠯᠴᠠᠵᠦ ᠠᠵᠢᠯᠲᠠᠨ ᠡᠯᠰᠡᠬᠦ ᠰᠠᠭᠤᠳᠠᠯ ᠢᠶᠠᠨ ᠪᠤᠯᠵᠤᠨ᠎ᠠ᠃ ᠰᠢᠶᠣᠣ ᠶᠠᠨ ᠬᠤᠶ᠄ 0479 ︱ 2438607᠂ 15104798607 ᠵᠣᠣ ᠮᠢᠨ᠄ 0479 —2438607᠂ 13947901247 ᠳᠠᠭᠠᠯᠳᠤᠭᠤᠯᠤᠯ᠄ 1. ᠠᠵᠤ ᠠᠬᠤᠶᠢᠯᠠᠯ ᠤᠨ ᠠᠵᠢᠯᠲᠠᠨ ᠡᠯᠰᠡᠬᠦ ᠲᠣᠪᠴᠢ ᠳᠦᠷᠢᠮ ᠤᠨ ᠵᠠᠭᠪᠤᠷ 2. ᠠᠵᠢᠯᠯᠠᠭ᠎ᠠ ᠳᠤ ᠣᠷᠣᠯᠴᠠᠭᠰᠠᠨ ᠬᠠᠷᠢᠭᠤᠯᠲᠠ ᠶᠢᠨ ᠬᠠᠭᠤᠳᠠᠰᠤ 3.ᠰᠢᠷᠪᠢᠯᠲᠡ ᠶᠢᠨ ᠬᠤᠶᠠᠷ ᠬᠡᠮᠵᠢᠯ ᠤᠨ ᠺᠣᠳ᠋ 
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号