ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠸᠧᠨᠵᠸᠤ ᠬᠤᠳᠠᠨ᠎ᠠ ᠲᠤᠭᠯᠠᠯᠳᠠ ᠭᠠᠷᠠᠭᠠᠪᠠ
ᠨᠡᠶᠢᠲᠡᠯᠡᠭᠰᠡᠨ ᠴᠠᠭ᠄
2025/2/17
    2 ᠰᠠᠷ᠎ᠠ ᠶᠢᠨ 13 ᠎ ᠤ ᠣᠷᠣᠢ᠂ ᠸᠧᠨᠵᠸᠤ ᠬᠤᠳᠠ ᠶᠢᠨ ︽ᠰᠢᠨ᠎ᠡ ᠸᠧᠨᠵᠸᠤ ᠶᠢᠨ ᠬᠥᠮᠥᠰ ᠤᠨ ᠴᠠᠭᠠᠨ ᠰᠠᠷ᠎ᠠ ᠶᠢᠨ ᠦᠳᠡᠰᠢᠯᠡᠭᠡ︾᠎ ᠶᠢᠨ ᠲᠤᠬᠠᠢ ᠶᠢᠨ ᠲᠠᠯᠠᠪᠠᠢ ᠳᠤ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠭᠦᠮᠠᠢ ᠶᠢᠨ ᠲᠣᠭᠯᠠᠯᠲᠠ ᠨᠢ ᠸᠧᠨᠵᠸᠤ ᠶᠢᠨ ᠦᠵᠡᠭᠴᠢᠳ ᠲᠤ ᠤᠮᠠᠷᠠᠲᠤ ᠬᠢᠯᠢ ᠶᠢᠨ ᠰᠣᠶᠤᠯ ᠎ ᠤᠨ ᠰᠣᠳᠣᠨ ᠰᠠᠶᠢᠬᠠᠨ ᠢ ᠭᠠᠶᠢᠬᠠᠭᠤᠯᠤᠯ᠎ᠠ᠃
    ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠨᠢ ᠥᠪᠥᠷ ᠮᠣᠩᠭᠤᠯ ᠤᠨ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠤᠭᠰᠠᠨ ᠤ ᠬᠤᠪᠢ ᠳᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠬᠤ ᠪᠠᠷ ᠬᠦᠴᠦᠯᠡᠨ ᠴᠢᠷᠮᠠᠶᠢᠵᠤ᠂ ᠭᠤᠶᠢᠳᠠ ᠰᠠᠶᠢᠬᠠᠨ ᠤᠷ᠎ᠠ ᠮᠡᠷᠭᠡᠵᠢᠯ ᠪᠣᠯᠣᠨ ᠥᠪᠡᠷᠮᠢᠴᠡ ᠣᠨᠴᠠᠯᠢᠭ ᠲᠠᠢ ᠲᠣᠭᠯᠠᠯᠲᠠ ᠶᠢᠨ ᠬᠡᠯᠪᠡᠷᠢ ᠪᠠᠷ ᠢᠶᠠᠨ ᠠᠯᠳᠠᠷᠰᠢᠵᠠᠢ᠃ ᠲᠣᠰ ᠤᠳᠠᠭᠠᠨ ᠤ ᠲᠣᠭᠯᠠᠯᠲᠠ ᠨᠢ  ᠤᠯᠠᠭᠠᠨᠮᠥ᠋ᠴᠢᠷ ᠤᠨ ︽ᠭᠠᠳᠠᠭᠰᠢ ᠭᠠᠷᠬᠤ︾ ᠪᠠᠶᠢᠯᠳᠤᠬᠤ ᠪᠣᠳᠣᠯᠭ᠎ᠠ ᠶᠢᠨ ᠴᠢᠬᠤᠯᠠ ᠨᠢᠭᠡ ᠠᠯᠬᠤᠮ ᠮᠥᠨ᠂ ᠰᠣᠶᠣᠯ ᠤᠨ ᠰᠣᠯᠢᠯᠴᠠᠭ᠎ᠠ ᠪᠠᠷ ᠳᠠᠮᠵᠢᠭᠤᠯᠤᠨ ᠭᠠᠵᠠᠷ ᠣᠷᠣᠨ ᠤ ᠰᠣᠶᠣᠯ ᠤᠨ ᠵᠠᠪᠰᠠᠷᠳᠠᠯ ᠢ ᠡᠪᠳᠡᠵᠦ᠂ ᠨᠠᠩ ᠣᠯᠠᠨ ᠬᠥᠮᠥᠰ ᠲᠤ ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠶᠢ ᠦᠢᠯᠠᠭᠠᠭᠤᠯᠤᠭᠰᠠᠨ  ᠪᠠᠶᠢᠨ᠎ᠠ᠃
   ︽ᠰᠢᠨ᠎ᠡ ᠸᠧᠨᠵᠸᠤ ᠶᠢᠨ ᠬᠥᠮᠥᠰ ᠤᠨ ᠴᠠᠭᠠᠨ ᠰᠠᠷ᠎ᠠ ᠶᠢᠨ ᠦᠳᠡᠰᠢᠯᠡᠭᠡ︾ ᠪᠣᠯ ᠸᠧᠨᠵᠸᠤ ᠣᠷᠣᠨ ᠤ  ᠨᠥᠯᠥᠭᠡᠯᠡᠬᠦ ᠬᠦᠴᠦᠨ ᠎ ᠢᠶᠠᠷ ᠴᠢᠩᠭ᠎ᠠ ᠰᠣᠶᠣᠯ ᠤᠨ ᠠᠵᠢᠯᠯᠠᠭ᠎ᠠ  ᠪᠤᠯᠤᠨ᠎ᠠ᠃ ᠲᠣᠰ ᠤᠳᠠᠭᠠᠨ ᠤ ᠦᠳᠡᠰᠢᠯᠡᠭᠡ ᠨᠢ ᠰᠢᠨ᠎ᠡ ᠸᠧᠨᠵᠸᠤ ᠶᠢᠨ ᠬᠥᠮᠥᠰ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠲᠤ ᠦᠵᠡᠭᠦᠯᠦᠯᠭᠡ ᠶᠢᠨ ᠲᠠᠪᠴᠠᠩ ᠬᠠᠩᠭᠠᠵᠤ᠂ ᠤᠮᠠᠷᠠᠲᠤ ᠬᠢᠯᠢ ᠶᠢᠨ ᠰᠣᠶᠣᠯ ᠬᠢᠭᠡᠳ ᠸᠧᠨᠵᠸᠤ ᠶᠢᠨ ᠰᠣᠶᠣᠯ ᠤᠨ ᠠᠭᠤᠷ ᠠᠮᠢᠰᠬᠤᠯ ᠢ ᠬᠠᠷᠢᠯᠴᠠᠨ ᠠᠭᠤᠰᠤᠯᠴᠠᠭᠤᠯᠪᠠ᠃
  ᠲᠣᠭᠯᠠᠯᠲᠠ ᠶᠢᠨ ᠣᠷᠣᠢ ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠲᠤᠰᠬᠠᠢ ᠮᠡᠷᠭᠡᠵᠢᠯ ᠤᠨ ᠲᠣᠭᠯᠠᠯᠲᠠ ᠪᠣᠯᠣᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠤᠮᠠᠷᠠᠲᠤ ᠶᠢᠨ ᠰᠣᠶᠣᠯ ᠢ ᠠᠮᠢᠳᠤᠯᠢᠭ ᠢᠶᠠᠷ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠥᠪᠥᠷ ᠮᠣᠩᠭᠤᠯ ᠤᠨ ᠪᠠᠶᠠᠯᠢᠭ ᠰᠠᠶᠢᠬᠠᠨ ᠰᠣᠶᠣᠯ ᠤᠨ ᠠᠭᠤᠯᠬᠤᠨ ᠢ ᠭᠦᠨᠵᠡᠭᠡᠢ ᠮᠡᠳᠡᠷᠡᠭᠦᠯᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号