2 ᠰᠠᠷ᠎ᠠ ᠶᠢᠨ 21 ᠤ ᠡᠳᠦᠷ᠂ ︽ᠮᠢᠩᠭᠠᠨ ᠭᠠᠵᠠᠷ ᠤᠨ ᠦᠵᠡᠮᠵᠢ ᠶᠢᠨ ᠱᠤᠭᠤᠮ · ᠦᠵᠡᠰᠬᠦᠯᠡᠩᠲᠦ | ᠰᠠᠶᠢᠬᠠᠨ ᠲᠠᠯ᠎ᠠ ᠨᠤᠲᠤᠭ︾ 99 ᠨᠣᠮᠧᠷᠲᠤ ᠵᠢᠭᠤᠯᠴᠢᠯᠠᠯ ᠤᠨ ᠱᠤᠭᠤᠮ ᠢᠶᠠᠷ ᠭᠤᠣᠯ ᠰᠡᠳᠦᠪ ᠪᠣᠯᠭᠠᠭᠰᠠᠨ | ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠭᠤᠸᠠᠩᠵᠧᠦ | ᠬᠤᠲᠠ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠰᠣᠯᠢᠯᠴᠠᠭ᠎ᠠ | ᠬᠠᠮᠲᠤᠷᠠᠯᠴᠠᠭ᠎ᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ | ᠪᠠᠷᠠᠭᠤᠨ ᠦᠵᠦᠮᠦᠴᠢᠨ ᠬᠤᠰᠢᠭᠤᠨ ᠤ ᠬᠤᠰᠢᠭᠤ ᠳᠡᠳ᠋ ᠳᠠᠷᠤᠭ᠎ᠠ ᠮᠧᠩ ᠹᠠᠨ ᠸᠧᠢ᠂ ᠬᠤᠶᠠᠷ ᠭᠠᠵᠠᠷ ᠤᠨ | ᠰᠣᠶᠣᠯ ᠵᠢᠭᠤᠯᠴᠢᠯᠠᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ᠂ ᠵᠢᠭᠤᠯᠴᠢᠯᠠᠯ ᠤᠨ ᠨᠡᠶᠢᠭᠡᠮᠯᠢᠭ ᠤᠨ | ᠬᠠᠷᠢᠭᠤᠴᠠᠯᠭᠠᠲᠠᠨ ᠵᠢᠴᠢ 170 ᠭᠠᠷᠤᠢ ᠵᠢᠭᠤᠯᠴᠢᠯᠠᠯ ᠤᠨ ᠺᠣᠮᠫᠠᠨᠢ ᠶᠢᠨ ᠠᠵᠤ ᠠᠬᠤᠶᠢᠯᠠᠯ ᠤᠨ 300 ᠭᠠᠷᠤᠢ | ᠬᠥᠮᠥᠨ ᠬᠤᠷᠠᠯ ᠳᠤ ᠣᠷᠣᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨᠲᠡᠢ ᠪᠠᠶᠢᠯ᠎ᠠ᠃ | | ᠲᠤᠰ ᠠᠵᠢᠯᠯᠠᠭ᠎ᠠ ᠨᠢ ᠣᠷᠣᠨ ᠨᠤᠲᠤᠭ ᠤᠨ ᠣᠨᠴᠠᠯᠢᠭ ᠲᠠᠢ ᠭᠤᠶᠢᠳᠠ ᠰᠠᠶᠢᠬᠠᠨ ᠲᠣᠭᠯᠠᠯᠲᠠ ᠳᠤᠮᠳᠠ | ᠬᠥᠰᠢᠭᠡ ᠪᠠᠨ ᠰᠡᠬᠦᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠪᠦᠬᠦ | ᠲᠠᠯ᠎ᠠ ᠪᠠᠷ ᠳᠡᠯᠭᠡᠨ ᠦᠵᠡᠭᠦᠯᠵᠡᠢ᠃ | ᠪᠠᠷᠠᠭᠤᠨ ᠦᠵᠦᠮᠦᠴᠢᠨ ᠬᠤᠰᠢᠭᠤᠨ ᠤ ᠳᠡᠳ᠋ ᠳᠠᠷᠤᠭ᠎ᠠ ᠮᠧᠩ ᠹᠠᠨ ᠸᠧᠢ᠂ ᠪᠠᠷᠠᠭᠤᠨ ᠦᠵᠦᠮᠦᠴᠢᠨ ᠬᠤᠰᠢᠭᠤᠨ ᠤ | ᠪᠠᠶᠢᠭᠠᠯᠢ ᠶᠢᠨ ᠥᠩᠭᠡ ᠦᠵᠡᠮᠵᠢ ᠪᠠ ᠨᠡᠭᠦᠳᠡᠯ ᠮᠠᠯᠵᠢᠯ ᠤᠨ ᠰᠣᠶᠣᠯ ᠤᠨ ᠭᠦᠨ ᠠᠭᠤᠯᠬᠤᠨ ᠪᠣᠯᠣᠨ ᠲᠠᠯ᠎ᠠ | ᠨᠤᠲᠤᠭ ᠤᠨ ᠵᠢᠭᠤᠯᠴᠢᠯᠠᠯ ᠤᠨ ᠥᠪᠡᠷᠮᠢᠴᠡ ᠳᠠᠪᠠᠭᠤᠯᠢᠭ ᠢ ᠲᠠᠨᠢᠯᠴᠠᠭᠤᠯᠪᠠ᠃ | ᠭᠤᠸᠠᠩᠵᠧᠦ ᠬᠤᠲᠠ ᠶᠢᠨ ᠰᠣᠶᠣᠯ ᠷᠠᠳᠢᠣ᠋ ᠲᠧᠯᠸᠢᠰ ᠵᠢᠭᠤᠯᠴᠢᠯᠠᠯ ᠤᠨ ᠲᠣᠪᠴᠢᠶᠠᠨ ᠤ ᠵᠠᠬ᠎ᠠ ᠳᠡᠯᠭᠡᠭᠦᠷ ᠤᠨ | ᠳᠡᠯᠭᠡᠷᠡᠭᠦᠯᠦᠯᠲᠡ ᠶᠢᠨ ᠭᠠᠵᠠᠷ ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠹᠠᠨ ᠪᠠᠶᠠᠷ ᠤᠨ | ᠶᠠᠷᠢᠶᠠᠨ ᠳᠠᠭᠠᠨ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠥᠩᠭᠡ ᠦᠵᠡᠮᠵᠢ ᠪᠣᠯᠣᠨ | ᠰᠣᠶᠣᠯ ᠢᠷᠭᠡᠨᠰᠢᠯ ᠤᠨ ᠥᠪᠡᠷᠮᠢᠴᠡ ᠣᠨᠴᠠᠯᠢᠭ ᠢ ᠭᠦᠢᠴᠡᠳ ᠦᠨᠡᠯᠡᠵᠦ᠂ ᠪᠠᠷᠠᠭᠤᠨ ᠦᠵᠦᠮᠦᠴᠢᠨ ᠬᠤᠰᠢᠭᠤ ᠨᠢ | ᠲᠠᠯ᠎ᠠ ᠨᠤᠲᠤᠭ ᠤᠨ ᠬᠡᠷᠡᠯᠳᠦ ᠰᠤᠪᠤᠳ ᠮᠥᠨ᠂ ︽ᠠᠪᠤᠷᠭᠤ ᠪᠥᠬᠡ ᠶᠢᠨ ᠲᠠᠭᠱᠢᠨ ᠣᠷᠣᠨ︾᠂ ︽ᠣᠷᠳᠣ | ᠳᠠᠭᠤᠨ ᠤ ᠤᠤᠭᠠᠯ ᠨᠤᠲᠤᠭ︾᠂ ︽ᠦᠨᠳᠦᠰᠦᠲᠡᠨ ᠤ ᠬᠤᠪᠴᠠᠰᠤ ᠵᠠᠰᠠᠯ ᠤᠨ ᠤᠷ᠎ᠠ ᠶᠢᠨ ᠰᠠᠩ︾ ᠪᠠᠶᠢᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠤᠨ ᠪᠠᠭ᠋ᠠᠷᠬᠠᠯ ᠢ ᠶᠡᠬᠡᠳᠡ ᠲᠠᠲᠠᠵᠠᠢ ᠃ ᠲᠣᠰ | ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠨᠢ ᠪᠠᠷᠠᠭᠤᠨ ᠦᠵᠦᠮᠦᠴᠢᠨ ᠬᠤᠰᠢᠭᠤ ᠶᠢ ᠭᠦᠨᠵᠡᠭᠡᠢ ᠣᠶᠢᠯᠠᠭᠠᠬᠤ | ᠰᠠᠶᠢᠬᠠᠨ ᠠᠵᠠ ᠲᠣᠬᠢᠶᠠᠯ ᠣᠯᠭᠤᠵᠤ᠂ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠦᠢᠯᠡᠰ ᠤᠨ | ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ | ᠪᠠᠶᠢᠳᠠᠯ ᠢ ᠬᠠᠮᠲᠤ ᠪᠠᠷ ᠡᠭᠦᠳᠬᠦ ᠳᠤ ᠠᠰᠢᠭᠲᠠᠢ ᠶᠤᠮ ᠭᠡᠵᠡᠢ᠃ | ᠠᠵᠢᠯᠯᠠᠭ᠎ᠠ ᠳᠤᠮᠳᠠ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠲᠠᠨᠢᠯᠴᠠᠭᠤᠯᠤᠭᠴᠢ | ᠠᠴᠠ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠨᠠᠷᠢᠨ ᠨᠢᠮᠪᠠᠢ ᠲᠠᠨᠢᠯᠴᠠᠭᠤᠯᠵᠤ᠂ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠥᠪᠡᠷᠮᠢᠴᠡ ᠷᠢᠳᠢ ᠰᠢᠳᠢ ᠶᠢ ᠭᠦᠢᠴᠡᠳ ᠢᠯᠡᠷᠡᠭᠦᠯᠪᠡ᠃ | ᠬᠤᠷᠠᠯ ᠳᠤ ᠣᠷᠣᠯᠴᠠᠭᠰᠠᠨ ᠪᠥᠬᠦ ᠬᠥᠮᠥᠰ ︽99 ᠨᠣᠮᠧᠷᠲᠤ ᠵᠢᠭᠤᠯᠴᠢᠯᠠᠯ ᠤᠨ ᠱᠤᠭᠤᠮ︾ ᠤᠨ ᠵᠢᠭᠤᠯᠴᠢᠯᠠᠯ ᠤᠨ | ᠤᠬᠠᠭᠤᠯᠭ᠎ᠠ ᠶᠢᠨ ᠹᠢᠯᠢᠮ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠦᠢᠯᠡᠰ ᠤᠨ | ᠤᠬᠠᠭᠤᠯᠭ᠎ᠠ ᠶᠢᠨ ᠹᠢᠯᠢᠮ ᠢ ᠰᠣᠨᠢᠷᠬᠠᠬᠤ ᠪᠠᠷ ᠳᠡᠮᠵᠢᠨ᠂ ᠪᠠᠷᠠᠭᠤᠨ ᠦᠵᠦᠮᠦᠴᠢᠨ ᠬᠤᠰᠢᠭᠤᠨ ᠤ ᠲᠤᠬᠠᠢ ᠨᠠᠩ | ᠪᠥᠬᠦ ᠲᠠᠯ᠎ᠠ ᠶᠢᠨ ᠲᠠᠨᠢᠯᠲᠠ ᠲᠠᠢ ᠪᠣᠯᠪᠠ᠃ | ᠲᠠᠨᠢᠯᠴᠠᠭᠤᠯᠭ᠎ᠠ ᠶᠢᠨ ᠬᠤᠷᠠᠯ ᠳᠤ᠂ ᠪᠠᠷᠠᠭᠤᠨ ᠦᠵᠦᠮᠦᠴᠢᠨ ᠬᠤᠰᠢᠭᠤ ᠭᠤᠸᠠᠩᠵᠧᠦ ᠬᠤᠳᠠ ᠶᠢᠨ | ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠲᠠᠢ ᠴᠢᠬᠤᠯᠠ ᠬᠠᠮᠲᠤᠷᠠᠯᠴᠠᠭ᠎ᠠ ᠲᠣᠬᠢᠷᠠᠯᠴᠠᠵᠤ᠂ | ᠬᠤᠶᠠᠷ ᠲᠠᠯ᠎ᠠ ᠪᠠᠷ ᠢᠶᠠᠨ ᠵᠤᠭᠠᠴᠠᠭᠰᠠᠳ ᠢ ᠬᠠᠷᠢᠯᠴᠠᠨ ᠬᠦᠷᠭᠡᠬᠦ ᠪᠠᠶᠢᠯᠳᠤᠬᠤ ᠪᠣᠳᠣᠯᠭ᠎ᠠ ᠶᠢᠨ ᠵᠥᠪᠯᠡᠯᠴᠡᠭᠡᠷ | ᠲᠣᠬᠢᠷᠠᠯᠴᠠᠵᠠᠢ᠃ ᠡᠨᠡᠬᠦ ᠬᠠᠮᠲᠤᠷᠠᠯᠴᠠᠭ᠎ᠠ ᠨᠢ ᠪᠠᠷᠠᠭᠤᠨ ᠦᠵᠦᠮᠦᠴᠢᠨ ᠬᠤᠰᠢᠭᠤ ᠪᠣᠯᠣᠨ ᠭᠤᠸᠠᠩᠵᠧᠦ ᠵᠢᠴᠢ | ᠡᠮᠦᠨᠡᠲᠦ ᠣᠷᠣᠨ ᠤ ᠵᠢᠭᠤᠯᠴᠢᠯᠠᠯ ᠤᠨ ᠠᠵᠢᠯ ᠲᠦᠷᠦᠯ ᠤᠨ ᠵᠤᠭᠠᠴᠠᠭᠰᠠᠳ ᠢ ᠬᠠᠷᠢᠯᠴᠠᠨ ᠬᠦᠷᠭᠡᠬᠦ ᠶᠢ ᠬᠦᠴᠦᠲᠡᠢ | ᠠᠬᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃ ᠡᠭᠦᠨ ᠠᠴᠠ ᠭᠠᠳᠠᠨ᠎ᠠ᠂ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠷᠠᠭᠤᠨ ᠦᠵᠦᠮᠦᠴᠢᠨ ᠬᠤᠰᠢᠭᠤᠨ ᠤ ᠪᠣᠳᠠᠰ ᠤᠨ ᠪᠤᠰᠤ | ᠰᠣᠶᠣᠯ ᠤᠨ ᠥᠪ ᠤᠨ ᠭᠠᠷ ᠤᠷᠠᠯᠠᠯ ᠤᠨ ᠪᠦᠲᠦᠭᠡᠭᠳᠡᠬᠦᠨ᠂ 99 ᠨᠣᠮᠧᠷᠲᠤ ᠵᠢᠭᠤᠯᠴᠢᠯᠠᠯ ᠤᠨ ᠱᠤᠭᠤᠮ ᠤᠨ | ᠰᠣᠶᠣᠯ ᠤᠨ ᠪᠦᠲᠦᠭᠡᠭᠳᠡᠬᠦᠨ ᠵᠢᠴᠢ ᠦᠨᠳᠦᠰᠦᠲᠡᠨ ᠤ ᠥᠪᠡᠷᠮᠢᠴᠡ ᠣᠨᠴᠠᠯᠢᠭ ᠲᠠᠢ ᠢᠳᠡᠭᠡᠨ ᠢ ᠳᠡᠯᠭᠡᠨ | ᠪᠣᠷᠣᠯᠠᠭᠤᠯᠵᠤ᠂ ᠦᠵᠦᠮᠦᠴᠢᠨ ᠨᠤᠲᠤᠭ ᠤᠨ ᠴᠠᠭᠠᠨ ᠢᠳᠡᠭᠡᠨ ᠤ ᠵᠦᠢᠯ᠂ ᠬᠠᠲᠠᠭᠠᠭᠰᠠᠨ ᠮᠢᠬ᠎ᠠ ᠵᠡᠷᠭᠡ | ᠤᠯᠠᠮᠵᠢᠯᠠᠯᠲᠤ ᠢᠳᠡᠭᠡᠨ ᠢ ᠤᠬᠠᠭᠤᠯᠤᠨ ᠳᠡᠯᠭᠡᠷᠡᠭᠦᠯᠵᠦ᠂ ᠬᠤᠷᠠᠯ ᠳᠤ ᠣᠷᠣᠯᠴᠠᠭᠰᠠᠳ ᠲᠤ ᠪᠠᠷᠠᠭᠤᠨ | ᠦᠵᠦᠮᠦᠴᠢᠨ ᠬᠤᠰᠢᠭᠤᠨ ᠤ ᠰᠣᠶᠣᠯ ᠤᠨ ᠣᠨᠴᠠᠯᠢᠭ ᠢ ᠮᠡᠳᠡᠷᠡᠭᠦᠯᠪᠡ᠃ | ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠪᠣᠯ ᠪᠠᠷᠠᠭᠤᠨ ᠦᠵᠦᠮᠦᠴᠢᠨ ᠬᠤᠰᠢᠭᠤᠨ ᠤ ᠡᠮᠦᠨᠡᠲᠦ | ᠣᠷᠣᠨ ᠳᠠᠬᠢ ᠰᠣᠶᠣᠯ ᠵᠢᠭᠤᠯᠴᠢᠯᠠᠯ ᠤᠨ ᠰᠣᠯᠢᠯᠴᠠᠭᠠᠨ ᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ | ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠬᠤᠶᠠᠷ ᠲᠠᠯ᠎ᠠ ᠶᠢᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠢ | ᠬᠥᠭᠵᠢᠭᠡᠭᠰᠡᠨ ᠢᠶᠠᠷ ᠪᠠᠷᠠᠬᠤ ᠦᠭᠡᠢ ᠪᠠᠰᠠ ᠬᠤᠶᠠᠷ ᠭᠠᠵᠠᠷ ᠤᠨ ᠨᠥᠬᠦᠷᠯᠡᠯ ᠢ ᠵᠤᠵᠠᠭᠠᠳᠬᠠᠵᠤ᠂ ᠰᠣᠶᠣᠯ | ᠵᠢᠭᠤᠯᠴᠢᠯᠠᠯ ᠤᠨ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠬᠠᠮᠲᠤᠪᠠᠷ ᠠᠬᠢᠭᠤᠯᠬᠤ ᠳᠤ ᠪᠠᠲᠤ ᠪᠠᠬᠢ | ᠰᠠᠭᠤᠷᠢ ᠶᠢ ᠲᠠᠯᠪᠢᠭᠰᠠᠨ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤ ᠨᠢ ᠭᠤᠸᠠᠩᠵᠧᠦ ᠬᠤᠲᠠ ᠵᠢᠴᠢ ᠡᠮᠦᠨᠡᠲᠦ ᠣᠷᠣᠨ ᠯᠤᠭ᠎ᠠ ᠶᠢᠨ | ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠠᠷᠭ᠎ᠠ | ᠵᠠᠮ ᠢ ᠬᠠᠮᠲᠤᠪᠠᠷ ᠰᠦᠪᠡᠭᠴᠢᠯᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠤᠯᠠᠮ ᠢᠶᠠᠷ | ᠠᠬᠢᠭᠤᠯᠬᠤ ᠪᠠᠷ ᠪᠠᠶᠢᠨ᠎ᠠ᠃ | ᠭᠤᠸ᠋ᠩᠵᠸᠤ ᠬᠤᠳᠠ ᠶᠢᠨ ᠠᠷᠠᠳ ᠶᠠᠩ ᠵᠢᠶᠧ ᠶᠢᠩ᠄ ︽ᠪᠢ ᠤᠮᠠᠷᠠᠲᠤ ᠣᠷᠣᠨ ᠤ ᠰᠣᠶᠣᠯ ᠵᠢᠭᠤᠯᠴᠢᠯᠠᠯ ᠳᠤ | ᠶᠡᠭᠡ ᠰᠣᠨᠢᠷᠬᠠᠯ ᠲᠠᠢ᠃ ᠡᠨᠡ ᠤᠳᠠᠭ᠎ᠠ ᠰᠣᠶᠣᠯ ᠵᠢᠭᠤᠯᠴᠢᠯᠠᠯ ᠤᠨ ᠬᠤᠷᠠᠯ ᠳᠤ ᠣᠷᠣᠯᠴᠠᠭᠠᠳ ᠪᠠᠷᠠᠭᠤᠨ | ᠦᠵᠦᠮᠦᠴᠢᠨ ᠬᠤᠰᠢᠭᠤᠨ ᠤ ᠲᠤᠬᠠᠢ ᠶᠡᠭᠡ ᠣᠶᠢᠯᠠᠭᠠᠯᠲᠠ ᠲᠠᠢ ᠪᠣᠯᠣᠯ᠎ᠠ᠃ ᠵᠤᠨ ᠪᠢ ᠨᠠᠶᠢᠵᠠ ᠲᠠᠢ ᠪᠠᠨ ᠪᠠᠷᠠᠭᠤᠨ | ᠦᠵᠦᠮᠦᠴᠢᠨ ᠳᠤ ᠣᠴᠢᠬᠤ ᠪᠠᠷ ᠬᠡᠯᠡᠯᠴᠡᠵᠦ ᠲᠣᠬᠢᠷᠠᠭᠠᠳ ᠪᠠᠶᠢᠨ᠎ᠠ᠃ ᠯᠠᠪᠲᠠᠢ ᠭᠤᠶᠤ ᠰᠠᠶᠢᠬᠠᠨ ᠠᠶᠠᠯᠠᠯ ᠪᠣᠯᠬᠤ | ᠪᠠᠶᠢᠬ᠎ᠠ︾ ᠭᠡᠯᠡ᠃ |