ᠽᠤᠤ ᠳᠤ ᠳᠡᠪᠲᠦᠭᠡᠭᠰᠡᠨ ᠰᠠᠷᠢᠮᠰᠠᠭ ᠤᠨ ᠲᠤᠬᠠᠢ
ᠨᠡᠶᠢᠲᠡᠯᠡᠭᠰᠡᠨ ᠴᠠᠭ᠄
2025/2/26
     ᠽᠤᠤ ᠳᠤ ᠳᠡᠪᠲᠦᠭᠡᠭᠰᠡᠨ ᠰᠠᠷᠢᠮᠰᠠᠭ ᠢ ᠵᠤᠬᠢᠬᠤ ᠬᠡᠮᠵᠢᠶ᠎ᠡ ᠪᠠᠷ ᠢᠳᠡᠪᠡᠯ ᠬᠦᠮᠦᠨ ᠤ ᠪᠡᠶ᠎ᠡ ᠳᠤ ᠰᠠᠶᠢᠨ ᠪᠠᠶᠢᠳᠠᠭ᠂ ᠭᠡᠪᠡᠴᠦ ᠵᠤᠬᠢᠰ ᠦᠭᠡᠢ ᠳᠡᠪᠲᠦᠭᠡᠬᠦ ᠪᠤᠶᠤ ᠢᠳᠡᠬᠦ ᠨᠢ ᠬᠦᠮᠦᠨ ᠤ ᠪᠡᠶ᠎ᠡ ᠳᠤ ᠬᠤᠤᠷ ᠲᠠᠢ ᠶᠤᠮ᠃              ᠽᠤᠤ ᠳᠤ ᠳᠡᠪᠲᠦᠭᠡᠭᠰᠡᠨ ᠰᠠᠷᠢᠮᠰᠠᠭ ᠤᠨ ᠠᠰᠢᠭ ᠲᠠᠢ ᠲᠠᠯ᠎ᠠ᠄    ᠽᠤᠤ ᠳᠤ ᠳᠡᠪᠲᠦᠭᠡᠭᠰᠡᠨ ᠰᠠᠷᠢᠮᠰᠠᠭ ᠵᠤᠬᠢᠬᠤ ᠬᠡᠮᠵᠢᠶ᠎ᠡ ᠪᠠᠷ ᠴᠢᠰᠤᠨ ᠳᠠᠷᠤᠯᠲᠠ ᠶᠢ ᠪᠠᠭᠤᠷᠠᠭᠤᠯᠳᠠᠭ᠂ ᠰᠠᠷᠢᠮᠰᠠᠭ ᠤᠨ ᠲᠤᠰ ᠪᠡᠶ᠎ᠡ ᠨᠢ ᠮᠠᠰᠢ ᠰᠠᠶᠢᠨ ᠠᠷᠢᠭᠤᠳᠬᠠᠬᠤ ᠬᠤᠤᠷ ᠭᠠᠳᠠᠭᠰᠢᠯᠠᠭᠤᠯᠬᠤ ᠴᠢᠳᠠᠯ ᠲᠠᠢ ᠶᠤᠮ᠂ ᠦᠷᠬᠦᠯᠵᠢ ᠰᠠᠷᠢᠮᠰᠠᠭ ᠢᠳᠡᠪᠡᠯ ᠴᠢᠰᠦᠨ ᠰᠤᠲᠠᠯ  ᠢ ᠳᠡᠯᠡᠨ᠂ ᠪᠡᠶ᠎ᠡ ᠮᠠᠬᠠᠪᠤᠳ ᠤᠨ ᠳᠤᠳᠤᠭᠠᠳᠤ ᠳᠤ ᠪᠠᠶᠢᠭ᠎ᠠ ᠬᠠᠶᠠᠭᠳᠠᠮᠠᠯ ᠪᠤᠳᠠᠰ ᠢ ᠭᠠᠳᠠᠭᠰᠢᠯᠠᠭᠤᠯᠳᠠᠭ᠂ ᠡᠨᠡ ᠨᠢ ᠴᠢᠰᠦᠨ ᠳᠤ ᠪᠠᠶᠢᠭ᠎ᠠ ᠬᠤᠤᠷᠲᠤ ᠡᠳ᠋ ᠢ ᠵᠤᠬᠢᠰᠲᠠᠢ ᠪᠠᠭᠠᠰᠬᠠᠵᠤ᠂ ᠴᠢᠰᠦᠨ ᠳᠠᠷᠤᠯᠲᠠ ᠶᠢ ᠪᠠᠭᠤᠷᠠᠭᠤᠯᠬᠤ ᠦᠷ᠎ᠡ ᠠᠰᠢᠭ ᠲᠠᠢ ᠪᠤᠯᠭᠠᠳᠠᠭ᠃ ᠽᠤᠤ ᠴᠢᠰᠤᠨ ᠰᠤᠳᠠᠯ ᠢ ᠵᠦᠭᠡᠯᠡᠷᠡᠭᠦᠯᠦᠨ᠎ᠡ᠂ ᠬᠡᠷᠪᠡ ᠼᠣ᠋ ᠳᠤ ᠳᠡᠪᠲᠦᠭᠡᠭᠰᠡᠨᠨ ᠰᠠᠷᠢᠮᠰᠠᠭ ᠢ ᠦᠷᠬᠦᠯᠵᠢ ᠢᠳᠡᠭᠰᠡᠨ ᠤ ᠰᠡᠭᠦᠯᠡᠷ ᠴᠢᠰᠤᠨ ᠰᠤᠳᠠᠯ ᠢ ᠳᠡᠯᠡᠬᠦ ᠪᠠᠷ ᠪᠠᠷᠠᠬᠤ ᠦᠭᠡᠢ᠂ ᠪᠠᠰᠠ ᠴᠢᠰᠤᠨ ᠰᠤᠳᠠᠯ ᠤᠨ ᠤᠶᠠᠨ ᠴᠢᠨᠠᠷ ᠢ ᠳᠡᠭᠡᠭᠰᠢᠯᠡᠭᠦᠯᠵᠦ᠂ ᠴᠢᠰᠤᠨ ᠳᠠᠷᠤᠯᠲᠠ ᠦᠨᠳᠦᠷ ᠪᠢᠰᠢ ᠪᠠᠶᠢᠳᠠᠯ ᠳᠤ ᠴᠢᠰᠤᠨ ᠳᠠᠷᠤᠯᠲᠠ ᠶᠢ ᠪᠠᠭᠤᠷᠠᠭᠤᠯᠬᠤ ᠳᠤ ᠲᠤᠰᠠᠯᠠᠳᠠᠭ᠃   ᠲ᠊‍ᠠᠭᠰᠢᠭᠤᠷ ᠢ ᠰᠡᠷᠭᠡᠶᠢᠯᠡᠨ᠂ ᠬᠠᠮᠠᠷ ᠤᠨ ᠦᠷᠪᠢᠰᠦᠯ ᠢ ᠵᠠᠰᠠᠵᠤ᠂ ᠪᠡᠶ᠎ᠡ ᠴᠢᠬᠢᠷᠠᠭᠵᠢᠭᠤᠯᠬᠤ ᠦᠢᠯᠡᠳᠦᠯ ᠲᠠᠢ᠃ ᠬᠤᠭᠤᠯᠠᠢ ᠡᠪᠡᠳᠬᠦ ᠶᠢ ᠵᠠᠰᠠᠵᠤ᠂ ᠨᠤᠶᠢᠷ ᠢ ᠰᠠᠶᠢᠵᠢᠷᠠᠭᠤᠯᠤᠨ᠎ᠠ᠃ ᠰᠢᠩᠭᠡᠭᠡᠯᠲᠡ ᠶᠢ ᠰᠠᠶᠢᠵᠢᠷᠠᠭᠤᠯᠤᠨ᠎ᠠ᠃  ᠶᠠᠳᠠᠷᠠᠯ ᠢ ᠲᠠᠶᠢᠯᠤᠨ᠂ ᠦᠲᠡᠯᠬᠦ ᠶᠢ ᠤᠳᠠᠭᠠᠰᠢᠷᠠᠭᠤᠯᠤᠨ᠎ᠠ᠃  ᠴᠢᠰᠤ ᠶᠢ ᠰᠢᠩᠭᠡᠷᠡᠭᠦᠯᠵᠦ᠂ ᠴᠢᠰᠤᠨ ᠤ ᠡᠷᠭᠢᠯᠲᠡ ᠶᠢ ᠰᠠᠶᠢᠵᠢᠷᠠᠭᠤᠯᠤᠨ᠎ᠠ᠃  ᠴᠢᠰᠤᠨ  ᠤ ᠦᠭᠡᠬᠦ ᠶᠢ ᠪᠠᠭᠤᠷᠠᠭᠤᠯᠵᠤ ᠰᠢᠬᠢᠷ ᠰᠢᠵᠢᠩ ᠡᠪᠡᠳᠴᠢᠨ ᠢ ᠰᠡᠷᠭᠡᠶᠢᠯᠡᠳᠡᠭ᠃  ᠪᠠᠺᠲᠷᠢ ᠶᠢ ᠤᠰᠠᠳᠬᠠᠨᠨ᠂ ᠦᠷᠪᠢᠰᠤᠯ ᠢ ᠳᠠᠷᠤᠵᠤ᠂ ᠡᠪᠡᠳᠴᠢᠨ ᠬᠠᠯᠳᠠᠪᠤᠷᠢᠯᠠᠬᠤ ᠶᠢ ᠰᠡᠷᠭᠡᠶᠢᠯᠡᠨ᠎ᠡ᠃    ᠰᠦᠰᠦᠨ ᠤ ᠴᠢᠯᠠᠭᠤᠯᠢᠭ ᠠᠯᠺᠦᠯ  ᠢ ᠪᠠᠭᠤᠷᠠᠭᠤᠯᠤᠨ᠎ᠠ᠃  ᠦᠮᠠᠨ ᠢ ᠰᠡᠷᠭᠡᠶᠢᠯᠡᠳᠡᠭ᠃              ᠽᠤᠤ ᠳᠤ ᠳᠡᠪᠲᠦᠭᠡᠭᠰᠡᠨ ᠰᠠᠷᠢᠮᠰᠠᠭ ᠤᠨ ᠠᠰᠢᠭ ᠦᠭᠡᠢ ᠲᠠᠯ᠎ᠠ᠄    ᠬᠦᠮᠦᠰ ᠽᠤᠤ ᠳᠤ ᠰᠠᠷᠢᠮᠰᠠᠭ ᠳᠡᠪᠲᠦᠭᠡᠬᠦ ᠳᠤ ᠪᠠᠨ ᠳᠠᠪᠤᠰᠤ ᠠᠷᠪᠢᠨ ᠬᠢᠳᠡᠭ᠂ ᠲᠡᠷᠡᠴᠢᠯᠡᠨ ᠽᠤᠤ ᠳᠤ ᠳᠡᠪᠲᠦᠭᠡᠭᠰᠡᠨ ᠰᠠᠷᠢᠮᠰᠠᠭ ᠢᠶᠠᠨ ᠳᠠᠪᠤᠰᠤᠯᠠᠭᠰᠠᠨ ᠨᠤᠭᠤᠭ᠎ᠠ ᠪᠠᠷ ᠡᠳᠦᠷ ᠪᠦᠷᠢ ᠮᠠᠰᠢ ᠠᠷᠪᠢᠨ ᠢᠳᠡᠳᠡᠭ᠃ ᠢᠩᠭᠢᠵᠦ ᠢᠳᠡᠬᠦ ᠨᠢ ᠰᠢᠨᠵᠢᠯᠡᠬᠦ ᠤᠬᠠᠭᠠᠨᠴᠢ ᠪᠢᠰᠢ ᠪᠠᠶᠢᠵᠤ᠂ ᠪᠡᠶ᠎ᠡ ᠮᠠᠬᠠᠪᠤᠳ ᠢ ᠭᠡᠮᠲᠦᠭᠡᠵᠦ ᠮᠡᠳᠡᠨ᠎ᠡ᠃         ᠰᠠᠷᠢᠮᠰᠠᠭ ᠪᠤᠯ ᠭᠤᠰᠢᠭᠤᠨ ᠴᠢᠨᠠᠷ ᠲᠠᠢ ᠢᠳᠡᠭᠡᠨ ᠶᠤᠮ᠂ ᠬᠡᠲᠦᠷᠬᠡᠢ ᠠᠷᠪᠢᠨ ᠢᠳᠡᠬᠦ ᠨᠢ ᠬᠤᠳᠤᠭᠤᠳᠤ ᠶᠢ ᠡᠪ ᠦᠭᠡᠢ ᠪᠠᠶᠢᠳᠠᠯ ᠳᠤ ᠤᠷᠤᠭᠤᠯᠳᠠᠭ᠃  ᠦᠯᠦᠨ ᠢᠶᠠᠷ ᠠᠷᠪᠢᠨ ᠢᠳᠡᠪᠡᠯ ᠨᠢᠳᠦᠨ ᠳᠤ ᠰᠡᠳᠦᠯᠲᠡ ᠦᠭᠬᠦ ᠪᠠᠷ ᠪᠠᠷᠠᠬᠤ ᠦᠭᠡᠢ ᠸᠢᠲ᠋ᠠᠮᠢᠨb ᠶᠢᠨ ᠰᠢᠩᠭᠡᠭᠡᠯᠲᠡ ᠶᠢ ᠨᠦᠯᠦᠭᠡᠯᠡᠳᠡᠭ᠃          ᠠᠩᠬᠠᠷᠤᠭᠤᠰᠢᠲᠠᠢ ᠵᠦᠢᠯ᠄   1. ᠴᠢᠰᠤᠨ ᠳᠠᠷᠤᠯᠲᠠ ᠦᠨᠳᠦᠷ ᠡᠪᠡᠳᠴᠢᠲᠡᠨ ᠳᠤ ᠲᠤᠰᠠᠯᠠᠬᠤ ᠦᠢᠯᠡᠳᠦᠯ ᠦᠵᠡᠭᠦᠯᠳᠡᠭ᠂ ᠲᠡᠭᠦᠨ ᠳᠤ ᠲᠦᠰᠢᠭᠯᠡᠵᠦ ᠪᠤᠯᠬᠤ ᠦᠭᠡᠢ᠃    2. ᠽᠤᠤ ᠪᠠᠨ ᠪᠤᠴᠠᠯᠭᠠᠵᠤ ᠪᠤᠯᠬᠤ ᠦᠭᠡᠢ᠂ ᠪᠤᠴᠠᠯᠭᠠᠪᠠᠯ ᠦᠢᠯᠡᠳᠦᠯ ᠪᠠᠭᠤᠷᠠᠳᠠᠭ᠃   3. ᠽᠤᠤ ᠳᠤ ᠳᠡᠪᠲᠦᠭᠡᠭᠰᠡᠨ ᠰᠠᠷᠢᠮᠰᠠᠭ ᠢ ᠤᠷᠲᠤ ᠬᠤᠭᠤᠴᠠᠭ᠎ᠠ ᠢᠳᠡᠵᠦ ᠪᠤᠯᠤᠨ᠎ᠠ᠂ ᠭᠡᠪᠡᠴᠦ ᠡᠳᠦᠷ ᠪᠦᠷᠢ ᠬᠡᠲᠤ ᠠᠷᠪᠢᠨ ᠢᠳᠡᠵᠦ ᠪᠤᠯᠬᠤ ᠦᠭᠡᠢ᠂ ᠨᠢᠭᠡ ᠠᠴᠠ ᠬᠤᠶᠠᠷ ᠰᠢᠳᠦ ᠢᠳᠡᠪᠡᠯ ᠪᠤᠯᠴᠢᠬᠠᠨ᠎ᠠ᠃                                          ᠴᠡᠭᠡᠷ ᠬᠢᠭᠡᠳ ᠵᠠᠰᠠᠯ    ᠰᠤᠩᠬᠢᠨ᠎ᠡ ᠰᠠᠷᠢᠮᠰᠠᠭ ᠢ ᠭᠠᠯ ᠳᠤ ᠬᠢᠬᠦ ᠶᠢ ᠴᠡᠭᠡᠷᠯᠡᠨ᠎ᠡ᠃  ᠨᠢᠳᠦᠨ ᠤ ᠡᠪᠡᠳᠴᠢᠲᠡᠨ ᠰᠠᠷᠢᠮᠰᠠᠭ ᠢᠳᠡᠬᠦ ᠶᠢ ᠴᠡᠭᠡᠷᠯᠡᠨ᠎ᠡ᠃  ᠭᠠᠭᠴᠠ ᠲᠤᠯᠤᠭᠠᠶᠢᠲᠤ ᠰᠠᠷᠢᠮᠰᠠᠭ ᠤᠨ ᠰᠦᠮᠦᠰᠦ ᠶᠢ ᠬᠠᠮᠠᠷ  ᠲᠤ ᠪᠠᠨ ᠳᠤᠰᠤᠭᠠᠪᠠᠯ ᠲᠤᠯᠤᠭᠠᠢ ᠡᠪᠡᠳᠬᠦ ᠶᠢ ᠵᠤᠭᠰᠤᠭᠠᠨ᠎ᠠ᠃  ᠰᠠᠷᠢᠮᠰᠠᠭ ᠢ ᠬᠡᠷᠴᠢᠭᠡᠳ ᠴᠠᠢ ᠪᠠᠷ ᠳᠠᠷᠤᠭᠤᠯᠵᠤ ᠤᠤᠭᠤᠪᠠᠯ ᠲᠤᠯᠤᠭᠠᠢ ᠡᠪᠡᠳᠬᠦ ᠶᠢ ᠵᠤᠭᠰᠤᠭᠠᠨ᠎ᠠ᠃
 
ᠢᠷᠡᠯᠲᠡ᠄ ᠬᠤᠯᠪᠤᠭ᠎ᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号