ᠵᠢᠷ ᠤᠨ ᠭᠤᠤᠯ ᠪᠠᠯᠭᠠᠰᠤ ᠠᠷᠡᠯᠵᠢᠶᠠᠴᠢᠨ ᠤᠷᠢᠵᠦ ᠪᠡᠯᠡ ᠤᠷᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2025/2/27
     ᠠᠵᠢᠯᠰᠠᠭ ᠬᠦᠮᠤᠨ ᠤ ᠬᠠᠪᠤᠷ ᠡᠷᠲᠡ᠂ ᠴᠠᠭ ᠠᠭᠠᠷ ᠢ ᠠᠮᠵᠢᠨ ᠲᠡᠮᠡᠴᠡᠨ᠎ᠡ᠃ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭᠠᠨ︾ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤᠨ  ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠡᠯᠵᠢᠶᠠᠴᠢᠨ ᠤᠷᠢᠵᠤ ᠪᠡᠯᠡ ᠮᠦᠩᠬᠦ ᠲᠠᠳᠠᠨ ᠣᠷᠣᠭᠤᠯᠬᠤ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠦᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠤᠯ ᠪᠠᠯᠭᠠᠰᠣᠨ ᠤ ᠠᠷᠡᠯᠵᠢᠶᠡᠴᠢᠨ ᠤᠷᠢᠵᠤ ᠪᠡᠯᠡ ᠮᠦᠩᠬᠦ ᠲᠠᠳᠠᠨ ᠣᠷᠣᠭᠤᠯᠬᠤ ᠠᠵᠢᠯ ᠨᠢ ︽ᠦᠯᠵᠡᠶᠢᠳᠦ ᠡᠬᠢᠯᠡᠯᠲᠡ︾ ᠪᠠᠨ ᠤᠭᠳᠤᠵᠦ᠂ ᠶᠢᠨ ᠮᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠯᠤᠭ᠎ᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠦᠰᠦᠯ ᠤᠨ ᠲᠤᠶᠢᠮᠦ ᠵᠦᠪᠳᠡᠯᠴᠡᠬᠡᠷ ᠲᠤ ᠭᠠᠷ ᠤᠨ ᠥᠰᠥᠭ ᠵᠢᠷᠤᠠᠠᠰᠠᠨ ᠪᠠᠶᠢᠨ᠎ᠠ᠃     ᠲᠤᠰ ᠲᠦᠰᠦᠯ ᠨᠢ ᠨᠢᠭᠡᠨ ᠠᠭᠤᠷᠬᠠᠢ ᠶᠢᠨ ᠬᠤᠳᠳᠤᠭ ᠢ ᠪᠥᠭᠯᠡᠬᠦ ᠮᠠᠲ᠋ᠧᠷᠢᠶᠠᠯ ᠤᠨ ᠦᠢᠯᠡᠳᠪᠦᠷᠢᠯᠡᠯ ᠪᠠᠶᠢᠵᠦ ᠂ ᠠᠭᠤᠷᠬᠠᠢ ᠶᠢᠨ ᠬᠤᠳᠳᠤᠭ ᠤᠨ ᠳᠣᠲᠣᠷᠠᠬᠢ ᠨᠦᠬᠡ ᠪᠠ ᠮᠠᠯᠲᠠᠵᠤ ᠬᠥᠨᠳᠡᠶᠢᠷᠡᠭᠦᠯᠦᠭᠰᠡᠨ ᠭᠡᠰᠡᠭ ᠢ ᠪᠦᠭᠯᠡᠵᠦ ᠳᠦᠭᠦᠷᠭᠡᠬᠦ ᠳᠤ ᠬᠡᠷᠡᠭᠯᠡᠬᠦ ᠮᠠᠲ᠋ᠧᠷᠢᠶᠠᠯ ᠢ ᠦᠢᠯᠡᠳᠪᠦᠷᠢᠯᠡᠬᠦ ᠪᠤᠯᠤᠨ᠎ᠠ᠂ ᠲᠦᠰᠦᠯ ᠨᠢ ᠲᠡᠷᠢᠭᠦᠨ ᠤ ᠲᠤᠰᠬᠠᠢ ᠠᠰᠢᠭ ᠤᠨ ᠮᠡᠷᠭᠡᠵᠢᠯ ᠪᠤᠯᠤᠨ ᠬᠠᠮᠢᠶᠠᠷᠤᠯᠲᠠ ᠶᠢᠨ ᠰᠢᠰᠲ᠋ᠧᠮ ᠢᠶᠠᠷ ᠲᠣᠯᠭᠠᠭᠤᠷᠢᠯᠠᠨ᠂ ᠬᠦᠳᠡᠷ ᠤᠨ ᠰᠢᠭᠠᠷᠤ᠂ ᠱᠦᠢᠨᠢ᠂ ᠨᠡᠭᠦᠷᠡᠰᠦᠨ ᠦᠨᠡᠰᠦ ᠵᠢᠴᠢ ᠬᠦᠬᠦᠷ ᠦᠭᠡᠶᠢᠳᠡᠭᠦᠯᠦᠭᠰᠡᠨ ᠵᠤᠭᠠᠩ ᠵᠡᠷᠭᠡ ᠲᠦᠭᠦᠬᠡᠢ ᠮᠠᠲ᠋ᠧᠷᠢᠶᠠᠯ ᠢ ᠠᠰᠢᠭᠯᠠᠵᠤ᠂ ᠰᠢᠨ᠎ᠡ ᠬᠡᠯᠪᠡᠷᠢ ᠶᠢᠨ ᠠᠭᠤᠷᠬᠠᠢ ᠶᠢᠨ ᠬᠤᠳᠳᠤᠭ ᠤᠨ ᠨᠦᠬᠡ ᠪᠥᠭᠯᠡᠬᠦ ᠮᠠᠲ᠋ᠧᠷᠢᠶᠠᠯ ᠢ ᠦᠢᠯᠡᠳᠪᠦᠷᠢᠯᠡᠨ᠂ ᠲᠤᠬᠠᠢ ᠶᠢᠨ ᠭᠠᠵᠠᠷ ᠬᠢᠬᠡᠳ ᠡᠷᠬᠢᠨ ᠲᠣᠭᠤᠷᠢᠨ ᠤ ᠵᠠᠬ᠎ᠠ ᠳᠡᠯᠭᠡᠭᠦᠷ ᠢ ᠬᠠᠩᠭᠠᠬᠤ ᠪᠤᠯᠤᠨ᠎ᠠ᠃ ᠵᠢᠱᠢᠯᠲᠡ ᠪᠠᠷ ᠲᠦᠰᠦᠯ ᠤᠨ ᠶᠡᠷᠦᠩᠬᠡᠢ ᠪᠡᠯᠡ ᠣᠷᠣᠭᠤᠯᠤᠯᠲᠠ ᠨᠢ 2000 ᠲᠦᠮᠡᠨ ᠲᠥᠭᠦᠷᠢᠭ ᠪᠠᠶᠢᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪᠴᠢᠶ᠎ᠡ ᠨᠢ ᠠᠭᠤᠷᠬᠠᠢ ᠶᠢᠨ ᠬᠤᠳᠳᠤᠭ ᠤᠨ ᠨᠦᠬᠡ ᠪᠥᠭᠯᠡᠬᠦ ᠮᠠᠲ᠋ᠧᠷᠢᠶᠠᠯ᠂ ᠬᠠᠶᠢᠯᠤᠰᠢ ᠶᠢᠨ ᠪᠦᠲᠦᠴᠡ ᠶᠢᠨ ᠪᠦᠷᠢᠯᠳᠦᠴᠡ ᠪᠤᠯᠤᠨ ᠬᠦᠳᠡᠷ ᠤᠨ ᠰᠢᠭᠠᠷᠤ ᠵᠡᠷᠭᠡ ᠣᠷᠴᠢᠨ ᠠᠬᠤᠢ ᠶᠢᠨ ᠬᠠᠮᠠᠭᠠᠯᠠᠯᠲᠠ ᠶᠢᠨ ᠪᠠᠷᠢᠯᠭ᠎ᠠ ᠶᠢᠨ ᠮᠠᠲ᠋ᠧᠷᠢᠶᠠᠯ ᠪᠣᠯᠣᠨ᠎ᠠ᠃     ᠲᠤᠰ ᠲᠦᠰᠦᠯ ᠤᠨ ᠨᠠᠶᠢᠳᠠᠪᠤᠷᠢᠵᠢᠯᠳᠡ ᠨᠢ ᠶᠢᠨ ᠮᠠᠨ ᠠᠭᠤᠷᠬᠠᠢ ᠶᠢᠨ ᠦᠢᠯᠡᠰ ᠤᠨ ᠦᠢᠯᠡᠳᠪᠦᠷᠢᠯᠡᠯ ᠤᠨ ᠬᠠᠶᠠᠭᠳᠠᠮᠠᠯ ᠴᠢᠯᠠᠭᠤ ᠶᠢ ᠪᠦᠲᠦᠮᠵᠢᠲᠡᠶ ᠰᠢᠢᠳᠪᠦᠷᠢᠯᠡᠵᠦ ᠴᠢᠳᠠᠬᠤ ᠪᠠᠷ ᠦᠯᠦ ᠪᠠᠷᠠᠨ᠂ ᠳᠠᠬᠢᠨ ᠡᠳ᠋ᠰᠢᠭᠦᠯᠤᠯᠳᠡ ᠪᠠᠷ ᠳᠠᠮᠵᠢᠵᠦ ᠠᠭᠤᠷᠬᠠᠢ ᠶᠢᠨ ᠬᠤᠳᠳᠤᠭ ᠢ ᠪᠥᠭᠯᠡᠵᠦ᠂ ᠣᠲᠣ ᠶᠢᠨ ᠪᠠᠶᠢᠭ᠎ᠠ ᠠᠵᠤ ᠠᠬᠤᠶᠢᠯᠠᠯ ᠲᠠᠢ ᠬᠠᠮᠵᠢᠯᠴᠠᠭᠠᠨ ᠤ ᠨᠦᠯᠦᠬᠡᠯᠡᠯᠴᠡᠯ ᠢ ᠪᠦᠷᠢᠯᠳᠦᠭᠦᠯᠤᠨ᠂ ᠦ᠋ ᠵᠢᠶᠠᠨ ᠹᠠᠩ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠣᠷᠴᠢᠯ  ᠤᠨ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠦᠴᠦᠲᠡᠢ ᠠᠬᠢᠭᠤᠯᠬᠤ ᠪᠤᠯᠤᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠤᠯ ᠪᠠᠯᠭᠠᠰᠤ ᠨᠢ ᠲᠤᠰ ᠤᠳᠠᠭᠠᠨ ᠤ ᠵᠦᠪᠳᠡᠯᠴᠡᠬᠡᠷ ᠢ ᠠᠮᠵᠢᠯᠲᠠ ᠲᠠᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ  ᠢ ᠠᠵᠤ ᠠᠬᠤᠢ ᠶᠢᠨ ᠠᠵᠢᠯ ᠤᠨ ᠨᠢᠭᠡᠳᠦᠭᠡᠷ ᠢᠨᠵᠧᠨᠧᠷᠢᠩ ᠪᠣᠯᠭᠠᠬᠤ ᠶᠢ ᠪᠠᠷᠢᠮᠲᠠᠯᠠᠨ᠂ ᠠᠷᠡᠯᠵᠢᠶ᠎ᠠ  ᠡᠷᠬᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠥᠩ ᠰᠢᠮᠡᠯᠢᠭ ᠬᠥᠷᠥᠰᠥ ᠶᠢ ᠪᠦᠷᠢᠯᠳᠦᠭᠦᠯᠵᠤ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号