ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 2 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ | ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ | ︽ᠳᠡᠰ ᠬᠤᠪᠢᠶᠠᠬᠤ ᠲᠥᠷᠥᠯ ᠬᠤᠪᠢᠶᠠᠬᠤ︾ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ᠂ ︽ᠵᠢᠷᠤᠮᠵᠢᠭᠤᠨ ᠪᠥᠭᠡᠳ | ᠨᠢᠭᠡᠳᠦᠯᠲᠡᠢ ᠪᠠᠶᠢᠬᠤ︾ ᠦᠢᠯᠡᠴᠢᠯᠡᠭᠡᠨ ᠤ ᠨᠠᠷᠢᠨ ᠳᠠᠩᠰᠠ ᠪᠠ ︽ᠠᠵᠢᠯ ᠪᠠᠶᠢᠪᠠᠴᠤ ᠬᠢᠬᠦ ᠬᠥᠮᠥᠨ ᠦᠭᠡᠢ︾ | ᠠᠵᠢᠯ ᠤᠨ ᠪᠠᠶᠢᠷᠢ ᠶᠢᠨ ᠨᠠᠷᠢᠨ ᠳᠠᠩᠰᠠ᠂ ︽ᠬᠥᠮᠥᠨ ᠪᠠᠶᠢᠪᠠᠴᠤ ᠬᠢᠬᠦ ᠠᠵᠢᠯ ᠦᠭᠡᠢ︾ ᠠᠵᠢᠯᠲᠠᠨ ᠤ ᠨᠠᠷᠢᠨ | ᠳᠠᠩᠰᠠ ᠶᠢ ᠲᠣᠭᠲᠠᠭᠠᠨ ᠨᠡᠶᠢᠲᠡᠯᠡᠵᠦ᠂ ᠠᠵᠢᠯ ᠣᠯᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠨᠠᠷᠢᠨ | ᠲᠠᠶᠢᠯᠪᠤᠷᠢᠯᠠᠨ᠂ ᠦᠢᠯᠡᠴᠢᠯᠡᠭᠡ ᠪᠠ ᠭᠠᠷᠲᠠᠨ ᠭᠦᠢᠴᠡᠳᠬᠡᠬᠦ ᠴᠤᠪᠤᠷᠠᠯ ᠢ ᠲᠣᠳᠣᠷᠬᠠᠶᠢᠯᠠᠵᠤ᠂ ᠬᠥᠮᠥᠨ ᠪᠠ ᠠᠵᠢᠯ ᠤᠨ | ᠪᠠᠶᠢᠷᠢ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂ ᠡᠯ᠎ᠡ | ᠲᠥᠷᠥᠯ ᠤᠨ ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠤ ᠮᠡᠳᠡᠪᠡᠰᠦ ᠵᠣᠬᠢᠬᠤ ᠶᠢ ᠨᠢ ᠴᠥᠮ ᠮᠡᠳᠡᠭᠦᠯᠵᠦ᠂ | ᠬᠦᠷᠲᠡᠭᠡᠪᠡᠰᠦ ᠵᠣᠬᠢᠬᠤ ᠶᠢ ᠨᠢ ᠴᠥᠮ ᠬᠦᠷᠲᠡᠭᠡᠬᠦ ᠶᠢ ᠠᠬᠢᠭᠤᠯᠤᠨ᠎ᠠ᠃ | ᠣᠶᠢᠯᠠᠭᠠᠭᠰᠠᠨ ᠢᠶᠠᠷ᠂ ︽ᠲᠠᠰ ᠬᠤᠪᠢᠶᠠᠬᠤ ᠲᠥᠷᠥᠯ ᠬᠤᠪᠢᠶᠠᠬᠤ︾ ᠲᠥᠷᠥ ᠶᠢᠨ ᠪᠣᠳᠣᠯᠭ᠎ᠠ ᠶᠢᠨ ᠨᠠᠷᠢᠨ | ᠳᠠᠩᠰᠠ ᠳᠤ ᠠᠵᠢᠯ ᠣᠯᠬᠤ ᠳᠤ ᠬᠦᠴᠢᠷᠲᠡᠢ ᠬᠥᠮᠥᠰ ᠢ ᠮᠠᠭᠠᠳᠯᠠᠨ ᠲᠣᠭᠲᠠᠭᠠᠬᠤ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠶᠢᠨ ᠨᠡᠮᠡᠭᠦᠷᠢ ᠶᠢᠨ ᠭᠤᠶᠤᠴᠢᠯᠠᠯ᠂ ᠠᠵᠤ ᠠᠬᠤᠶᠢᠯᠠᠯ ᠠᠴᠠ ᠠᠵᠢᠯ ᠣᠯᠬᠤ ᠳᠤ | ᠬᠦᠴᠢᠷᠲᠡᠢ ᠬᠥᠮᠥᠰ ᠢ ᠣᠷᠣᠭᠤᠯᠤᠨ ᠠᠪᠤᠭᠰᠠᠨ ᠬᠥᠮᠥᠰ ᠤᠨ ᠨᠡᠶᠢᠭᠡᠮ ᠤᠨ ᠳᠠᠭᠠᠳᠬᠠᠯ ᠤᠨ ᠨᠡᠮᠡᠭᠦᠷᠢ ᠶᠢᠨ | ᠭᠤᠶᠤᠴᠢᠯᠠᠯ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠡᠮᠡᠭᠦᠷᠢ᠂ ᠠᠵᠢᠯ | ᠮᠡᠷᠭᠡᠰᠢᠯ ᠤᠨ ᠤᠷ᠎ᠠ ᠴᠢᠳᠠᠪᠤᠷᠢ ᠶᠢᠨ ᠲᠠᠰ ᠢ ᠮᠠᠭᠠᠳᠯᠠᠨ ᠲᠣᠭᠲᠠᠭᠠᠬᠤ ᠪᠠᠷ ᠭᠤᠶᠤᠴᠢᠯᠠᠨ ᠮᠡᠳᠡᠭᠦᠯᠬᠦ᠂ ᠦᠢᠯᠡᠰ | ᠪᠣᠰᠬᠠᠬᠤ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠵᠡᠷᠭᠡ 24 ᠵᠦᠢᠯ ᠤᠨ | ᠠᠭᠤᠯᠭ᠎ᠠ ᠶᠢ ᠬᠠᠮᠤᠷᠪᠠ︔ ︽ᠵᠢᠷᠤᠮᠵᠢᠭᠤᠨ ᠪᠥᠭᠡᠳ ᠨᠢᠭᠡᠳᠦᠯᠲᠡᠢ ᠪᠠᠶᠢᠬᠤ︾ ᠦᠢᠯᠡᠴᠢᠯᠡᠭᠡᠨ ᠤ ᠨᠠᠷᠢᠨ ᠳᠠᠩᠰᠠ ᠳᠤ | ᠠᠵᠢᠯ ᠣᠯᠭᠤᠯᠲᠠ ᠶᠢᠨ ᠲᠤᠰᠠᠯᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ᠂ ᠠᠵᠢᠯ ᠡᠷᠢᠬᠦ | ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠪᠠᠭᠰᠢᠯᠠᠭᠴᠢᠳ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠬᠦ᠂ | ᠠᠵᠢᠯ ᠡᠷᠢᠬᠦ ᠠᠵᠢᠯᠲᠠᠨ ᠡᠯᠰᠡᠬᠦ ᠦᠢᠯᠡᠴᠢᠯᠡᠭᠡ᠂ ᠠᠵᠢᠯ ᠣᠯᠬᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ | ᠨᠡᠮᠡᠭᠦᠷᠢ ᠶᠢ ᠭᠤᠶᠤᠴᠢᠯᠠᠨ ᠠᠪᠬᠤ ᠦᠢᠯᠡᠴᠢᠯᠡᠭᠡ᠂ ᠡᠷᠬᠢᠯᠡᠭᠰᠡᠨ ᠠᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ | ᠦᠢᠯᠡᠴᠢᠯᠡᠭᠡ᠂ ᠦᠢᠯᠡᠰ ᠪᠣᠰᠬᠠᠬᠤ ᠬᠦᠷᠢᠶᠡᠯᠡᠩ ︵ᠦᠢᠯᠡᠰ ᠪᠣᠰᠬᠠᠬᠤ ᠶᠢ ᠨᠡᠪᠴᠢᠭᠦᠯᠬᠦ ᠰᠠᠭᠤᠷᠢᠨ ᠭᠠᠵᠠᠷ︶ ᠳᠤ | ᠣᠷᠣᠵᠤ ᠰᠠᠭᠤᠬᠤ ᠦᠢᠯᠡᠴᠢᠯᠡᠭᠡ ᠵᠡᠷᠭᠡ 22 ᠵᠦᠢᠯ ᠤᠨ ᠠᠭᠤᠯᠭ᠎ᠠ ᠶᠢ ᠬᠠᠮᠤᠷᠪᠠ︔ ︽ᠠᠵᠢᠯ ᠪᠠᠶᠢᠪᠠᠴᠤ ᠬᠢᠬᠦ | ᠬᠥᠮᠥᠨ ᠦᠭᠡᠢ︾ ᠠᠵᠢᠯ ᠤᠨ ᠪᠠᠶᠢᠷᠢ ᠶᠢᠨ ᠨᠠᠷᠢᠨ ᠳᠠᠩᠰᠠ ᠪᠠ ︽ᠬᠥᠮᠥᠨ ᠪᠠᠶᠢᠪᠠᠴᠤ ᠬᠢᠬᠦ ᠠᠵᠢᠯ ᠦᠭᠡᠢ︾ | ᠠᠵᠢᠯᠲᠠᠨ ᠤ ᠨᠠᠷᠢᠨ ᠲᠠᠩᠰᠠ ᠶᠢ ᠠᠵᠤ ᠠᠬᠤᠶᠢᠯᠠᠯ ᠤᠳ ᠪᠠ ᠡᠯ᠎ᠡ ᠲᠥᠷᠥᠯ ᠤᠨ ᠬᠥᠮᠥᠰ ᠺᠣᠳ᠋ ᠢ ᠰᠢᠷᠪᠢᠵᠦ | ᠲᠠᠭᠯᠠᠨ ᠮᠡᠳᠡᠭᠦᠯᠵᠦ ᠪᠣᠢ ᠪᠣᠯᠭᠠᠨ᠂ ᠬᠠᠨᠳᠤᠯᠭᠠᠲᠤ ᠴᠢᠨᠠᠷᠲᠠᠢ ᠪᠠᠷ ᠠᠵᠢᠯ ᠣᠯᠭᠤᠬᠤ ᠦᠢᠯᠡᠴᠢᠯᠡᠭᠡ ᠬᠠᠩᠭᠠᠵᠤ᠂ | ᠬᠥᠮᠥᠨ ᠪᠠ ᠠᠵᠢᠯ ᠤᠨ ᠪᠠᠶᠢᠷᠢ ᠶᠢ ᠨᠠᠷᠢᠯᠢᠭ ᠣᠨᠣᠴᠠᠲᠠᠢ ᠪᠠᠷ ᠵᠣᠬᠢᠴᠠᠭᠤᠯᠬᠤ ᠶᠢ ᠠᠬᠢᠭᠤᠯᠤᠨ᠎ᠠ᠃ |