ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/28
     2 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠲᠤᠬᠠᠢ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠶᠢᠨ ᠫᠢᠩ ᠤᠨ ᠲᠥᠪᠡᠳ ᠤᠨ ᠰᠢᠭᠠᠽᠧ ᠬᠤᠲᠠ ᠶᠢᠨ ᠲᠢᠩᠷᠢ ᠰᠢᠶᠠᠨ ᠤ 6.8 ᠲᠠᠰ ᠤᠨ ᠭᠠᠵᠠᠷ ᠬᠥᠳᠡᠯᠦᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠰᠤᠷᠤᠯᠴᠠᠭᠰᠠᠨ ᠪᠥᠭᠡᠳ ︽ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠮᠥᠷᠥᠨ ᠳᠡᠭᠡᠷ᠎ᠡ ᠪᠣᠢ︾ ᠭᠡᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃    ᠬᠤᠷᠠᠯ ᠠᠴᠠ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ᠂ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠢ ᠬᠠᠮᠠᠭᠠᠯᠠᠬᠤ ᠪᠣᠯ ᠠᠯᠢ ᠤᠯᠠᠨ ᠬᠦᠷᠢᠶ᠎ᠡ ᠬᠡᠪᠴᠢᠶ᠎ᠡ᠂ ᠡᠯ᠎ᠡ ᠲᠠᠯ᠎ᠠ ᠳᠤ ᠬᠤᠯᠪᠣᠭᠳᠠᠬᠤ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠪᠣᠯᠣᠨ᠎ᠠ᠃ ᠪᠥᠬᠦ ᠬᠤᠰᠢᠭᠤ ᠪᠠᠷ ᠢᠶᠠᠨ ᠴᠠᠭ ᠢᠮᠠᠭᠲᠠ ᠰᠡᠷᠡᠮᠵᠢ ᠲᠠᠢ ᠪᠠᠶᠢᠵᠤ᠂ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠰᠠᠶᠢᠲᠤᠷ ᠣᠶᠢᠯᠠᠭᠠᠨ ᠦᠢᠯᠡᠳᠦᠯᠭᠡ ᠪᠠᠨ ᠵᠢᠯᠣᠭᠤᠳᠤᠭᠤᠯᠤᠨ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ᠂ ᠰᠢᠨ᠎ᠡ ᠠᠶᠠᠨ ᠵᠠᠮ ᠳᠠᠬᠢ ᠤᠯᠤᠰ ᠤᠨ ᠠᠮᠤᠷ ᠲᠦᠪᠰᠢᠨ ᠤ ᠵᠢᠮ᠎ᠡ ᠶᠣᠰᠣ ᠶᠢ ᠭᠦᠨᠵᠡᠭᠡᠢ ᠡᠵᠡᠮᠰᠢᠨ᠂ ᠣᠳᠣᠬᠠᠨ ᠤ ᠡᠯ᠎ᠡ ᠬᠦᠷᠢᠶ᠎ᠡ ᠬᠡᠪᠴᠢᠶᠡᠨ  ᠳᠠᠬᠢ ᠠᠶᠤᠯ ᠲᠦᠭᠰᠢᠭᠦᠷᠢ ᠥᠷᠢᠰᠦᠯᠳᠦᠭᠡᠨ ᠢ ᠣᠨᠣᠪᠴᠢᠲᠠᠶ ᠢᠯᠭᠠᠨ ᠲᠠᠨᠢᠵᠤ᠂ ᠤᠯᠤᠰ ᠤᠨ ᠠᠮᠤᠷ ᠲᠦᠪᠰᠢᠨ ᠤ ᠪᠤᠳᠤᠯᠢᠶᠠᠨᠲᠠᠢ ᠪᠠᠶᠢᠳᠠᠯ ᠢ ᠡᠵᠡᠮᠳᠡᠬᠦ ᠬᠡᠷᠡᠭᠲᠡᠢ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠥᠴᠢᠷ ᠨᠢ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠣᠶᠢᠷ᠎ᠠ ᠶᠢᠨ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠡᠯ᠎ᠡ ᠲᠥᠷᠥᠯ ᠤᠨ ᠠᠶᠤᠯᠭᠦᠢ  ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠭᠤᠷᠬᠠᠢ᠂ ᠠᠵᠤ ᠦᠢᠯᠡᠳᠪᠦᠷᠢ ᠠᠷᠠᠯᠵᠢᠶ᠎ᠠ᠂ ᠠᠶᠤᠯᠲᠠᠢ ᠬᠢᠮᠢ ᠶᠢᠨ ᠪᠣᠳᠠᠰ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶ᠎ᠡ ᠪᠠ ᠰᠤᠷᠭᠠᠭᠤᠯᠢ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠂ ᠡᠮᠴᠢᠯᠡᠭᠡᠨ ᠤ ᠪᠠᠶᠢᠭᠤᠯᠤᠮᠵᠢ᠂ ᠬᠤᠳᠠᠯᠳᠤᠭ᠎ᠠ ᠪᠠ ᠣᠷᠣᠨ ᠰᠠᠭᠤᠴᠠ ᠶᠢ ᠨᠢᠭᠡ ᠴᠣᠭᠴᠠᠵᠢᠭᠤᠯᠤᠭᠰᠠᠨ ᠪᠠᠷᠢᠯᠭ᠎ᠠ ᠵᠢᠴᠢ ︽ᠶᠢᠰᠦᠨ ᠵᠢᠵᠢᠭ︾ ᠲᠠᠯᠠᠪᠤᠷ ᠵᠡᠷᠭᠡ ᠬᠥᠮᠥᠨ ᠣᠯᠠᠨ ᠴᠤᠭᠯᠠᠷᠠᠳᠠᠭ ᠲᠠᠯᠠᠪᠤᠷ ᠢ ᠴᠢᠩᠭ᠎ᠠ ᠠᠩᠬᠠᠷᠴᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠶᠡᠬᠡᠪᠡᠷ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠤ ᠢᠮᠠᠭᠲᠠ ᠴᠢᠩᠭ᠎ᠠ ᠱᠠᠭᠠᠷᠳᠠᠯᠭ᠎ᠠ ᠲᠠᠯᠪᠢᠬᠤ ᠶᠢ ᠲᠤᠤᠱᠯᠠᠭᠤᠯᠤᠨ᠂ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠲᠦᠷᠭᠡᠨ ᠵᠠᠰᠠᠵᠤ᠂ ᠪᠣᠳᠠᠲᠠᠢ ᠥᠭᠡᠷᠡᠴᠢᠯᠡᠨ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︽ᠳᠠᠬᠢᠨ ᠪᠠᠶᠢᠴᠠᠭᠠᠬᠤ︾ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠤᠢ ᠪᠦᠬᠦᠢ ᠦᠯᠡᠳᠡᠵᠦ ᠪᠠᠶᠢᠭ᠎ᠠ ᠠᠰᠠᠭᠤᠳᠠᠯ ᠢ ᠠᠮᠢᠳᠤᠯᠢᠭ ᠰᠢᠢᠳᠪᠦᠷᠢᠯᠡᠵᠦ᠂ ᠪᠦᠬᠦᠨ ᠢ ᠰᠢᠢᠳᠪᠦᠷᠢᠯᠡᠬᠦ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号