ᠪᠠᠷᠠᠭᠤᠨ ᠦᠵᠦᠮᠦᠴᠢᠨ ᠬᠤᠰᠢᠭᠤ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ ᠠᠵᠢᠯ ᠣᠯᠭᠤᠯᠲᠠ ᠶᠢᠨ ︽ᠰᠢᠨ᠎ᠡ ᠬᠥᠳᠡᠯᠭᠡᠭᠦᠷ︾ ᠢ ᠬᠥᠭᠵᠢᠭᠡᠨ᠎ᠡ
ᠨᠡᠶᠢᠲᠡᠯᠡᠭᠰᠡᠨ ᠴᠠᠭ᠄
2025/2/28
    ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠃ ᠣᠶᠢᠷ᠎ᠠ ᠶᠢᠨ ᠵᠢᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤ ᠠᠵᠢᠯ ᠣᠯᠭᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠣᠯᠭᠤᠯᠲᠠ ᠶᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ  ᠪᠣᠯᠭᠠᠵᠤ  ᠂ ᠲᠦᠷᠦ ᠶᠢᠨ ᠪᠣᠳᠣᠯᠭ᠎ᠠ ᠪᠠᠷ ᠲᠡᠳᠬᠦᠨ ᠳᠡᠮᠵᠢᠬᠦ ᠶᠢ ᠴᠢᠩᠭᠠᠳᠬᠠᠬᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠬᠦ ᠪᠠᠷ ᠳᠠᠮᠵᠢᠭᠤᠯᠤᠨ᠂ ᠡᠯ᠎ᠡ ᠲᠦᠷᠦᠯ ᠤᠨ  ᠬᠦᠮᠦᠰ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠶᠢ ᠢᠳᠡᠪᠬᠢᠲᠡᠢ ᠠᠬᠢᠭᠤᠯᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠬᠥᠮᠥᠨ ᠤ ᠬᠦᠴᠦᠨ ᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃     2 ᠰᠠᠷ᠎ᠠ ᠶᠢᠨ 26 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ︽ᠣᠷᠢᠬᠠᠨ ᠬᠠᠪᠤᠷ︾ ᠲᠤᠰᠬᠠᠢ ᠰᠡᠳᠦᠪᠲᠦ ᠠᠵᠢᠯᠴᠢᠨ ᠡᠯᠰᠡᠬᠦ ᠴᠤᠭᠯᠠᠭᠠᠨ ᠶᠠᠪᠤᠭᠳᠠᠵᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ᠂ ᠵᠠᠰᠠᠭ ᠤᠨ ᠣᠷᠳᠤᠨ ᠤ ᠳᠡᠳ᠋ ᠳᠠᠷᠤᠭ᠎ᠠ ᠦ᠋ ᡁᠢ ᠴᠢᠶᠠᠩ ᠲᠤᠬᠠᠢ ᠶᠢᠨ ᠲᠠᠯᠠᠪᠠᠶ ᠳᠤ ᠠᠵᠢᠯ ᠵᠢᠯᠣᠭᠤᠳᠪᠠ᠃    ᠲᠣᠰ ᠤᠳᠠᠭᠠᠨ ᠤ ᠠᠵᠢᠯᠴᠢᠨ ᠡᠯᠰᠡᠬᠦ ᠴᠤᠭᠯᠠᠭᠠᠨ ᠨᠢ ᠰᠦᠯᠵᠢᠶᠡᠨ ᠭᠠᠳᠠᠨᠠᠬᠢ ᠠᠵᠢᠯᠴᠢᠨ ᠡᠯᠰᠡᠬᠦ ᠴᠤᠭᠯᠠᠭᠠᠨ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ  ᠲᠠᠨᠢᠯᠴᠠᠭᠤᠯᠬᠤ᠂ ᠲᠤᠬᠠᠢ ᠶᠢᠨ ᠲᠠᠯᠠᠪᠤᠷ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠣᠯᠠᠨ ᠡᠰᠢᠲᠦ ᠠᠭᠤᠰᠤᠯᠴᠠᠯ ᠤᠨ ᠵᠠᠭᠪᠤᠷ ᠢ ᠰᠢᠨ᠎ᠡ ᠪᠠᠷ  ᠡᠭᠦᠳᠴᠦ  ᠂ ᠰᠦᠯᠵᠢᠶᠡᠨ ᠠᠴᠠ ᠭᠠᠳᠠᠨ᠎ᠠ᠂ ᠪᠥᠬᠦ ᠬᠤᠰᠢᠭᠤᠨ ᠤ 42 ᠰᠢᠯᠢᠳᠡᠭ ᠠᠵᠤ ᠠᠬᠤᠶᠢᠯᠠᠯ ᠢ ᠵᠣᠬᠢᠶᠠᠨ ᠪᠠᠶᠢᠭᠤᠯᠤᠨ  ᠴᠤᠭᠯᠠᠭᠠᠨ ᠳᠤ ᠣᠷᠣᠯᠴᠠᠭᠤᠯᠵᠤ᠂ ᠴᠠᠬᠢᠯᠭᠠᠨ ᠬᠦᠴᠦ᠂ ᠲᠡᠮᠦᠷᠯᠢᠭ ᠪᠣᠯᠪᠠᠰᠤᠷᠠᠭᠤᠯᠬᠤ᠂  ᠤᠯᠠᠭᠠᠨ ᠢᠳᠡᠭᠡᠨ ᠪᠣᠯᠪᠠᠰᠤᠷᠠᠭᠤᠯᠬᠤ᠂ ᠠᠳᠠᠯ ᠠᠬᠤᠢ ᠵᠡᠷᠭᠡ ᠣᠯᠠᠨ ᠠᠵᠢᠯ ᠲᠥᠷᠥᠯ ᠢ ᠬᠠᠮᠤᠷᠤᠭᠰᠠᠨ 629 ᠠᠵᠢᠯ ᠤᠨ ᠪᠠᠶᠢᠷᠢ ᠬᠠᠩᠭᠠᠵᠤ᠂ ᠬᠤᠰᠢᠭᠤᠨ ᠤ ᠳᠣᠲᠣᠨ᠎ᠠ ᠭᠠᠳᠠᠨᠠᠬᠢ 700 ᠭᠠᠷᠤᠢ ᠠᠵᠢᠯ ᠡᠷᠢᠭᠰᠡᠳ ᠢᠳᠡᠪᠬᠢᠲᠡᠢ ᠣᠷᠣᠯᠴᠠᠵᠤ  ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠵᠤ᠂  ᠦᠵᠡᠭᠰᠡᠳ ᠤᠨ ᠲᠤᠭ᠎ᠠ 3400 ᠬᠥᠮᠥᠨ ᠤᠳᠠᠭ᠎ᠠ ᠶᠢ ᠳᠠᠪᠠᠵᠤ᠂ ᠨᠡᠶᠢᠲᠡ 260 ᠬᠥᠮᠥᠨ ᠤᠳᠠᠭ᠎ᠠ ᠶᠢᠨ ᠠᠵᠢᠯ ᠡᠷᠢᠬᠦ ᠡᠷᠡᠮᠡᠯᠵᠡᠯᠡᠯ ᠢ ᠠᠩᠬ᠎ᠠ ᠠᠯᠬᠤᠮ ᠲᠤᠬᠢᠷᠠᠯᠴᠠᠪᠠ᠃ ᠲᠤᠬᠠᠢ ᠶᠢᠨ ᠲᠠᠯᠠᠪᠠᠶ ᠳᠤ ᠪᠠᠰᠠ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠶᠢᠨ ᠲᠣᠭᠤᠷᠢᠭ ᠭᠠᠷᠭᠠᠵᠤ᠂ ᠬᠤᠰᠢᠭᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠠᠴᠠ ᠡᠯ᠎ᠡ ᠲᠥᠷᠥᠯ ᠤᠨ ᠤᠬᠠᠭᠤᠯᠭ᠎ᠠ ᠶᠢᠨ ᠳᠡᠪᠲᠡᠷ ᠢ 5000 ᠭᠠᠷᠤᠢ ᠬᠤᠪᠢ ᠲᠠᠷᠬᠠᠭᠠᠵᠤ᠂ ᠠᠵᠢᠯ ᠣᠯᠬᠤ ᠵᠢᠯᠤᠭᠤᠳᠬᠤ ᠦᠢᠯᠡᠴᠢᠯᠡᠭᠡ  ᠬᠠᠩᠭᠠᠪᠠ᠃     ᠸᠠᠩ ᠰᠢᠶᠠᠩ ᠹᠧᠢ  ᠄  ︽ᠪᠢ ᠪᠠᠷᠠᠭᠤᠨ ᠦᠵᠦᠮᠦᠴᠢᠨ ᠬᠤᠰᠢᠭᠤᠨ ᠤ ᠨᠡᠶᠢᠲᠡ ᠶᠢᠨ ᠳᠠᠪᠴᠠᠩ ᠠᠴᠠ ᠠᠵᠢᠯᠴᠢᠨ ᠡᠯᠰᠡᠬᠦ  ᠴᠤᠭᠯᠠᠭᠠᠨ ᠤ ᠮᠡᠳᠡᠭᠳᠡᠯ ᠢ ᠣᠯᠣᠭᠰᠠᠨ᠂ ᠪᠢ 2022 ᠣᠨ ᠳᠤ ᠰᠣᠷᠭᠠᠭᠤᠯᠢ ᠪᠠᠨ ᠲᠡᠭᠦᠰᠴᠦ ᠶᠠᠭ ᠠᠵᠢᠯ ᠡᠷᠢᠵᠦ ᠪᠠᠶᠢᠭ᠎ᠠ ᠣᠴᠢᠷ ᠠᠴᠠ ᠥᠨᠦᠳᠦᠷ  ᠠᠳᠡ ᠢᠷᠡᠵᠦ ᠠᠵᠢᠯ ᠡᠷᠢᠬᠦ ᠶᠢ ᠪᠣᠳᠣᠵᠠᠢ᠃ ᠥᠨᠦᠳᠦᠷ ᠠᠵᠢᠯᠲᠠᠨ ᠡᠯᠰᠡᠬᠦ ᠨᠢᠭᠡᠴᠡ ᠣᠯᠠᠨ ᠪᠠᠶᠢᠵᠤ᠂ ᠠᠵᠢᠯ ᠤᠨ ᠪᠠᠶᠢᠷᠢ ᠪᠠᠰᠠ ᠤᠯᠠᠨ ᠪᠠᠶᠢᠨ᠎ᠠ᠃ ᠪᠢ  ᠪᠠᠰᠠ ᠨᠡᠯᠢᠶᠡᠳ ᠬᠡᠳᠦᠨ ᠨᠢᠭᠡᠴᠡ ᠳᠤ ᠡᠷᠡᠮᠡᠯᠵᠡᠯᠡᠯ ᠢᠶᠠᠨ ᠲᠤᠰᠢᠶᠠᠭᠰᠠᠨ ᠡ᠂ ᠪᠠᠰᠠ  ᠬᠠᠮᠢᠶᠠᠲᠠᠢ ᠮᠡᠳᠡᠯᠭᠡ ᠶᠢ ᠣᠯᠵᠤ ᠰᠣᠷᠣᠯᠴᠠᠭᠰᠠᠨ ᠪᠠᠶᠢᠨ᠎ᠠ  ᠃  ︾      ᠪᠠᠷᠠᠭᠤᠨ ᠦᠵᠦᠮᠦᠴᠢᠨ ᠬᠤᠰᠢᠭᠤ ᠠᠵᠢᠯ ᠣᠯᠭᠤᠯᠲᠠ ᠶᠢᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂  2024 ᠣᠨ ᠳᠤ᠂ 3237 ᠠᠵᠢᠯ ᠤᠨ ᠪᠠᠶᠢᠷᠢ ᠳᠤ ᠠᠵᠢᠯᠲᠠᠨ ᠡᠯᠰᠡᠬᠦ ᠶᠢᠨ ᠬᠠᠮᠲᠤ ᠤᠯᠠᠨ ᠲᠠᠯᠠᠪᠠᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ ᠡᠷᠬᠢᠯᠡᠵᠦ᠂ ᠬᠥᠮᠥᠨ ᠬᠡᠷᠡᠭᠯᠡᠬᠦ ᠨᠢᠭᠡᠴᠡ ᠪᠣᠯᠣᠨ ᠠᠵᠢᠯ ᠡᠷᠢᠭᠰᠡᠳ ᠲᠤ ᠠᠮᠤᠷ ᠲᠦᠪᠰᠢᠨ ᠥᠨᠳᠥᠷ ᠪᠦᠲᠦᠮᠵᠢᠲᠡᠢ ᠵᠣᠯᠭᠠᠭᠤᠯᠬᠤ ᠳᠠᠪᠴᠠᠩ ᠬᠠᠩᠭᠠᠵᠤ᠂ 13 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠥᠬᠦ ᠠᠶᠢᠮᠠᠭ ᠤᠨ ᠠᠵᠢᠯᠲᠠᠨ ᠡᠯᠰᠡᠬᠦ ᠬᠤᠷᠠᠯ ᠳᠤ ᠢᠳᠡᠪᠬᠢᠲᠡᠢ ᠣᠷᠣᠯᠴᠠᠭᠤᠯᠵᠤ᠂ ᠠᠵᠢᠯ ᠣᠯᠭᠤᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠨᠠᠩ ᠣᠯᠠᠨ ᠠᠵᠢᠯ ᠡᠷᠢᠭᠰᠡᠳ ᠲᠤ  ᠤᠷ᠎ᠠ ᠴᠢᠳᠠᠪᠤᠷᠢ ᠪᠠᠨ ᠪᠠᠳᠠᠷᠠᠭᠤᠯᠬᠤ ᠲᠠᠪᠴᠠᠩ  ᠬᠠᠩᠭᠠᠭᠰᠠᠨ ᠪᠠᠶᠢᠨ᠎ᠠ᠃     ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠯᠢ ᠣᠯᠠᠨ ᠠᠷᠭ᠎ᠠ ᠬᠡᠮᠵᠢᠶ᠎ᠡ ᠶᠢᠨ ᠠᠬᠢᠭᠤᠯᠤᠯ ᠳᠣᠣᠷ᠎ᠠ᠂ ᠪᠥᠬᠦ ᠬᠤᠰᠢᠭᠤᠨ ᠤ ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠢᠶᠠᠷ ᠰᠠᠶᠢᠵᠢᠷᠠᠵᠤ  ᠂ ᠬᠤᠲᠠ ᠪᠠᠯᠭᠠᠰᠣᠨ ᠤ ᠡᠯ᠎ᠡ ᠲᠥᠷᠥᠯ ᠤᠨ ᠬᠥᠮᠥᠰ ᠲᠤ ᠲᠣᠭᠲᠠᠭᠤᠨ ᠢᠶᠠᠷ ᠠᠵᠢᠯ ᠣᠯᠭᠤᠬᠤ᠂ ᠠᠵᠢᠯ ᠠᠯᠳᠠᠭᠰᠠᠳ ᠲᠤ ᠳᠠᠬᠢᠨ ᠠᠵᠢᠯ ᠣᠯᠭᠤᠬᠤ᠂ ᠠᠵᠢᠯ ᠣᠯᠬᠤ ᠳᠤ ᠬᠦᠴᠢᠷᠲᠡᠢ ᠬᠥᠮᠥᠰ ᠲᠤ ᠠᠵᠢᠯ ᠣᠯᠭᠤᠬᠤ ᠵᠢᠴᠢ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠵᠡᠷᠭᠡ ᠠᠵᠢᠯ ᠴᠥᠮ ᠢᠯᠡᠳᠲᠡ ᠠᠬᠢᠴᠠ ᠲᠠᠢ ᠪᠣᠯᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 2.1% ᠶᠢᠨ ᠳᠣᠲᠣᠷ᠎ᠠ ᠲᠣᠭᠲᠠᠭᠤᠨ ᠢᠶᠠᠷ ᠬᠢᠵᠠᠭᠠᠷᠯᠠᠵᠤ᠂ ᠰᠠᠭᠤᠭᠠᠯᠢ ᠠᠷᠠᠳ ᠤᠨ ᠠᠵᠢᠯ ᠣᠯᠬᠤ ᠡᠷᠬᠡ ᠠᠰᠢᠭ ᠢ ᠦᠨᠡᠨᠬᠦ  ᠪᠠᠲᠤᠯᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃     ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢᠨ ᠲᠠᠯ᠎ᠠ ᠪᠠᠷ᠂ ᠡᠯ᠎ᠡ ᠰᠤᠮᠤ ᠪᠠᠯᠭᠠᠰᠤᠨ ᠳᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠢ ᠥᠷᠨᠢᠭᠦᠯᠵᠦ᠂ ᠲᠤᠰᠬᠠᠢ ᠮᠡᠷᠭᠡᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠ ᠦᠢᠯᠡᠳᠦᠯᠭᠡ ᠶᠢᠨ ᠲᠤᠷᠰᠢᠯᠭ᠎ᠠ  ᠰᠣᠯᠢᠯᠴᠠᠭ᠎ᠠ ᠪᠠᠷ ᠳᠡᠮᠵᠢᠨ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠴᠢᠩᠭᠠᠳᠬᠠᠵᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠦᠢᠯᠡᠴᠢᠯᠡᠭᠡᠨ ᠳᠡᠭᠡᠨ ᠴᠠᠭᠠᠷᠠᠭᠰᠠᠨ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠪᠠ᠃    ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠬᠡᠷᠡᠭᠴᠡᠭᠡ ᠪᠦᠬᠦᠢ ᠣᠯᠠᠨ ᠲᠦᠮᠡᠨ ᠨᠢᠭᠡᠪᠦᠷᠢ ᠳᠤ  ᠲᠤᠬᠠᠢ ᠶᠢᠨ ᠴᠠᠭ ᠳᠤᠨᠢ ᠬᠦᠷᠭᠡᠬᠦ ᠶᠢᠨ ᠲᠤᠰᠠᠳᠠ᠂ ᠰᠢᠨ᠎ᠡ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ᠂ ᠨᠡᠶᠢᠲᠡ ᠶᠢᠨ ᠳ᠋ᠤᠭᠠᠷ ᠢᠶᠠᠷ 134 ᠠᠵᠢᠯᠲᠠᠨ ᠡᠯᠰᠡᠬᠦ ᠮᠡᠳᠡᠭᠡ ᠵᠠᠩᠭᠢ ᠶᠢ ᠨᠡᠶᠢᠲᠡᠯᠡᠭᠰᠡᠨ ᠪᠥᠭᠡᠳ ᠡᠯ᠎ᠡ ᠰᠤᠮᠤ ᠪᠠᠯᠭᠠᠰᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠲᠠᠪᠴᠠᠩ ᠢ ᠠᠰᠢᠭᠯᠠᠨ᠂ ᠡᠲᠡᠭᠡᠷ ᠮᠡᠳᠡᠭᠡ ᠵᠠᠩᠭᠢ ᠶᠢ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠸᠢᠴᠠᠲ ᠤᠨ  ᠴᠤᠭᠯᠠᠷᠠᠯ ᠳᠤ  ᠳᠠᠮᠵᠢᠭᠤᠯᠤᠨ ᠲᠠᠷᠬᠠᠭᠠᠵᠤ᠂ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠨᠡᠩ ᠥᠷᠭᠡᠨ ᠢᠶᠠᠷ ᠲᠠᠷᠬᠠᠭᠠᠬᠤ ᠶᠢ ᠪᠡᠶᠡᠯᠡᠭᠦᠯᠵᠡᠢ᠃    ᠠᠵᠢᠯ ᠣᠯᠭᠤᠯᠲᠠ ᠶᠢᠨ ᠬᠡᠷᠡᠭᠴᠡᠭᠡ  ᠶᠢ ᠣᠨᠣᠪᠴᠢᠲᠠᠶ ᠡᠵᠡᠮᠰᠢᠬᠦ ᠶᠢᠨ  ᠲᠣᠰᠠᠳᠠ᠂ ᠪᠦᠬᠦ ᠬᠤᠰᠢᠭᠤᠨ ᠤ ᠬᠡᠪᠴᠢᠶᠡᠨ ᠳᠤ ᠠᠵᠢᠯ ᠣᠯᠬᠤ ᠡᠷᠡᠮᠡᠯᠵᠡᠯᠡᠯ᠂ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠨ ᠣᠶᠣᠲᠠᠳ᠂ ᠣᠷᠳᠣ ᠬᠤᠭᠤᠴᠠᠭ᠎ᠠ ᠪᠠᠷ ᠠᠵᠢᠯ ᠠᠯᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠲᠤ ᠴᠢᠭᠯᠡᠭᠦᠯᠦᠨ᠂ ᠲᠣᠭᠲᠠᠮᠠᠯ ᠬᠤᠭᠤᠴᠠᠭ᠎ᠠ ᠲᠠᠢ ᠪᠠᠷ ᠤᠲᠠᠰᠤ ᠪᠠᠷ ᠮᠥᠷᠳᠡᠨ ᠰᠤᠷᠪᠤᠯᠵᠢᠯᠠᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠠᠵᠢᠯ ᠡᠷᠢᠭᠰᠡᠳ ᠤᠨ ᠠᠵᠢᠯ ᠣᠯᠣᠭᠰᠠᠨ ᠪᠠᠶᠢᠳᠠᠯ ᠪᠠ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠠᠵᠢᠯ ᠣᠯᠭᠤᠯᠲᠠ ᠶᠢᠨ ᠨᠠᠩ ᠣᠨᠣᠪᠴᠢᠲᠠᠶ᠂ ᠨᠠᠩ ᠥᠨᠳᠥᠷ ᠪᠦᠲᠦᠮᠵᠢᠲᠡᠶ ᠦᠢᠯᠡᠴᠢᠯᠡᠭᠡ ᠶᠢ ᠦᠷᠭᠦᠯᠵᠢᠯᠡᠨ ᠬᠠᠩᠭᠠᠬᠤ ᠳᠤ ᠰᠠᠭᠤᠷᠢ ᠲᠠᠯᠪᠢᠵᠠᠢ᠃    ᠪᠠᠷᠠᠭᠤᠨ ᠦᠵᠦᠮᠦᠴᠢᠨ ᠬᠤᠰᠢᠭᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠢᠯ ᠣᠯᠭᠤᠯᠲᠠ ᠶᠢᠨ ᠠᠵᠢᠯ ᠤᠨ ᠵᠠᠭᠪᠤᠷ ᠤᠨ ᠰᠢᠨ᠎ᠡ ᠶᠢ ᠡᠭᠦᠳᠬᠦ ᠲᠠᠯ᠎ᠠ ᠪᠠᠷ ᠰᠥᠪᠡᠭᠴᠢᠯᠡᠵᠦ  ᠂ ᠨᠠᠩ ᠪᠦᠷᠢᠨ ᠲᠡᠭᠦᠯᠳᠡᠷ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ᠂ ᠨᠠᠩ ᠪᠠᠶᠠᠯᠢᠭ ᠣᠯᠠᠨ ᠡᠰᠢᠲᠦ ᠠᠵᠢᠯ ᠣᠯᠭᠤᠯᠲᠠ ᠶᠢᠨ ᠠᠷᠭ᠎ᠠ ᠵᠠᠮ ᠢᠶᠠᠷ ᠠᠵᠢᠯ ᠣᠯᠭᠤᠯᠲᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠪᠠᠲᠤ ᠪᠠᠬᠢ ᠠᠵᠢᠯ ᠣᠯᠭᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号