ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠲᠦᠷᠪᠡᠨ ᠶᠡᠭᠡ | ᠤᠳᠤᠷᠢᠳᠬᠤ ᠪᠠᠭ ᠤᠨ ᠤᠳᠤᠷᠢᠳᠤᠯᠭ᠎ᠠ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠨᠠᠮ ᠪᠣᠯᠣᠨ | ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠦ᠂ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ ᠃ | | ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠲᠣᠰ ᠲᠣᠰ ᠠᠵᠢᠯ ᠠᠴᠠ ᠪᠠᠨ ᠲᠠᠷᠬᠠᠯᠠᠭᠳᠠᠭᠰᠠᠨ | ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠢᠴᠢ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠭᠡᠷ ᠪᠦᠯᠢ | ᠂ ᠠᠬᠠᠮᠠᠳ ᠨᠠᠮ ᠤᠨ ᠭᠡᠰᠢᠭᠦᠨ᠂ ︽ᠢᠷᠠᠭᠤ ᠠᠯᠳᠠᠷ ᠲᠠᠢ ᠪᠠᠷ ᠨᠠᠮ ᠳᠤ 50 ᠵᠢᠯ︾ ᠤᠨ ᠢᠷᠠᠭᠤ ᠠᠯᠳᠠᠷᠲᠤ ᠨᠠᠮ ᠤᠨ | ᠭᠡᠰᠢᠭᠦᠨ᠂ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ᠂ ᠠᠯᠪᠠᠨ ᠤ ᠶᠠᠪᠤᠳᠠᠯ ᠢᠶᠠᠷ ᠨᠠᠰᠤ ᠪᠠᠷᠠᠭᠰᠠᠨ ᠨᠠᠮ ᠤᠨ | ᠭᠡᠰᠢᠭᠦᠨ ᠤ ᠭᠡᠷ ᠪᠦᠯᠢ ᠶᠢᠨ ᠬᠢᠨ᠂ 10 ᠵᠢᠯ ᠠᠴᠠ ᠳᠡᠭᠡᠭᠰᠢ ᠲᠤᠰᠢᠶᠠᠯ ᠡᠭᠦᠷᠭᠡᠯᠡᠵᠦ ᠪᠠᠶᠢᠭ᠎ᠠ ᠭᠠᠴᠠᠭᠠᠨ ᠤ ᠨᠠᠮ ᠤᠨ | ᠡᠭᠦᠷ ᠤᠨ ᠱᠦᠵᠢ ︵ᠭᠠᠴᠠᠭᠠᠨ ᠵᠥᠪᠯᠡᠯ ᠤᠨ ᠡᠷᠬᠢᠯᠡᠭᠴᠢ︶᠂ ᠲᠤᠰᠢᠶᠠᠯ ᠠᠴᠠ ᠪᠠᠨ ᠰᠠᠯᠤᠭᠠᠳ 15 ᠵᠢᠯ ᠠᠴᠠ ᠳᠡᠭᠡᠭᠰᠢ | ᠪᠣᠯᠵᠤ ᠪᠠᠶᠢᠭ᠎ᠠ ᠭᠠᠴᠠᠭᠠᠨ ᠤ ᠨᠠᠮ ᠤᠨ ᠡᠭᠦᠷ ᠤᠨ ᠱᠦᠵᠢ ︵ᠭᠠᠴᠠᠭᠠᠨ ᠵᠥᠪᠯᠡᠯ ᠤᠨ ᠡᠷᠬᠢᠯᠡᠭᠴᠢ︶᠂ ᠲᠤᠰᠬᠠᠢ | ᠮᠡᠷᠭᠡᠵᠢᠯᠲᠡᠨ ᠴᠢᠳᠠᠪᠤᠷᠢᠲᠠᠨ᠂ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷ᠂ ᠨᠢᠭᠡᠳᠦᠭᠡᠷ ᠱᠦᠵᠢ᠂ ᠡᠯ᠎ᠡ ᠱᠠᠲᠤᠨ ᠤ ᠶᠣᠰᠣ | ᠰᠤᠷᠲᠠᠬᠤᠨ ᠤ ᠵᠢᠱᠢᠶᠡᠴᠢ᠂ ᠦᠨᠳᠦᠰᠦᠲᠡᠨ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠬᠢᠨ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ᠂ ᠬᠠᠷᠢᠶᠠᠲᠤ ᠠᠷᠠᠳ ᠤᠨ ᠭᠡᠷ | ᠪᠦᠯᠢ᠂ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠭᠴᠢᠳ ᠤᠨ ᠲᠥᠯᠥᠭᠡᠯᠡᠭᠴᠢ᠂ ᠡᠯ᠎ᠡ ᠱᠠᠲᠤᠨ ᠤ ᠬᠥᠳᠡᠯᠮᠦᠷᠢ ᠶᠢᠨ | ᠵᠢᠱᠢᠶᠡᠴᠢ᠂ ᠵᠠᠰᠠᠭ ᠵᠠᠬᠢᠷᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠦᠴᠢᠷᠳᠡᠯᠲᠡᠢ ᠠᠵᠢᠯᠲᠠᠨ ᠠᠵᠢᠯᠴᠢᠨ᠂ | ᠬᠦᠴᠢᠷᠳᠡᠯᠲᠡᠢ ᠮᠠᠯᠴᠢᠨ ᠲᠠᠷᠢᠶᠠᠴᠢᠨ ᠬᠥᠯᠥᠰᠥᠨ ᠠᠵᠢᠯᠴᠢᠨ᠂ ᠠᠮᠠᠷᠠᠯᠲᠠ ᠶᠢᠨ ᠬᠤᠭᠤᠴᠠᠭᠠᠨ ᠳᠤ ᠠᠵᠢᠯ ᠤᠨ | ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠢᠭᠡᠳᠦᠭᠡᠷ ᠹᠷᠣᠨᠲ ᠤᠨ ᠺᠠᠳ᠋ᠷ ᠠᠵᠢᠯᠲᠠᠨ ᠠᠵᠢᠯᠴᠢᠨ᠂ ᠠᠵᠢᠯ ᠣᠯᠭᠤᠯᠲᠠ ᠶᠢᠨ | ᠰᠢᠨ᠎ᠡ ᠬᠡᠯᠪᠡᠷᠢ ᠶᠢᠨ ᠬᠥᠳᠡᠯᠮᠦᠷᠢᠴᠢᠨ᠂ ᠬᠤᠰᠢᠭᠤᠨ ᠳᠠᠬᠢ ᠰᠤᠷᠭᠠᠭᠤᠯᠢ ᠳᠤ ᠰᠠᠭᠤᠭ᠎ᠠ ᠥᠨᠥᠴᠢᠨ ᠬᠡᠦᠬᠡᠳ᠂ ᠠᠰᠠᠷᠠᠨ | ᠲᠡᠵᠢᠭᠡᠬᠦ ᠬᠥᠮᠥᠨ ᠦᠭᠡᠢ ᠬᠡᠦᠬᠡᠳ᠂ ᠬᠦᠴᠢᠷᠳᠡᠯᠲᠡᠢ ᠬᠡᠦᠬᠡᠳ ᠪᠠ ᠠᠶᠢᠮᠠᠭ ᠤᠨ ᠥᠨᠥᠴᠢᠨ ᠬᠡᠦᠬᠡᠳ ᠤᠨ ᠠᠰᠠᠷᠠᠮᠵᠢ ᠶᠢᠨ | ᠬᠦᠷᠢᠶᠡᠯᠡᠩ ᠳᠤ ᠪᠠᠶᠢᠭ᠎ᠠ ᠥᠨᠥᠴᠢᠨ ᠬᠡᠦᠬᠡᠳ᠂ ᠨᠠᠰᠤᠲᠠᠶᠢᠴᠤᠳ ᠤᠨ ᠠᠰᠠᠷᠠᠮᠵᠢ ᠶᠢᠨ ᠪᠠᠶᠢᠭᠤᠯᠤᠮᠵᠢ᠂ ᠬᠤᠲᠠ | ᠪᠠᠯᠭᠠᠰᠤᠨ ᠤ ᠨᠡᠶᠢᠭᠡᠮ ᠲᠣᠭᠤᠷᠢᠭ ᠪᠣᠯᠣᠨ ᠡᠯ᠎ᠡ ᠰᠤᠮᠤ ᠪᠠᠯᠭᠠᠰᠤᠨ ᠤ ᠬᠦᠴᠢᠷᠳᠡᠯᠲᠡᠢ ᠣᠯᠠᠨ ᠲᠦᠮᠡᠨ᠂ ᠪᠠᠶᠠᠰᠤᠯ | ᠮᠠᠯᠵᠢᠬᠤ ᠣᠷᠣᠨ ᠤ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠬᠦᠴᠢᠷᠳᠡᠯᠲᠡᠢ ᠰᠠᠭᠤᠭᠠᠯᠢ ᠡᠷᠦᠬᠡ᠂ | ᠬᠦᠴᠢᠷᠳᠡᠯ ᠲᠠᠢ ᠡᠮᠡᠭᠲᠡᠶᠢᠴᠦᠳ᠂ ᠴᠡᠷᠢᠭ ᠠᠩᠭᠢ᠂ ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ᠂ ᠠᠮᠢᠳᠤᠷᠠᠯ ᠨᠢ | ᠬᠦᠴᠢᠷᠳᠡᠯᠲᠡᠢ ᠴᠡᠷᠢᠭ ᠠᠴᠠ ᠬᠠᠯᠠᠭᠳᠠᠭᠰᠠᠳ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ | ᠬᠥᠮᠥᠨ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ᠂ ᠠᠮᠢᠳᠤᠷᠠᠯ ᠨᠢ ᠬᠦᠴᠢᠷᠳᠡᠯᠲᠡᠢ | ᠵᠡᠮᠳᠡᠭᠴᠦᠳ ᠤᠨ ᠭᠡᠷ ᠪᠦᠯᠢ᠂ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠺᠠᠳ᠋ᠷ | ᠴᠠᠭᠳᠠᠭ᠎ᠠ᠂ ᠠᠵᠢᠯ ᠤᠨ ᠳᠤᠮᠳᠠ ᠪᠠᠨ ᠲᠣᠪᠣᠶᠢᠮ᠎ᠠ ᠢᠯᠡᠷᠡᠯ ᠲᠠᠢ ᠬᠥᠮᠥᠰ᠂ ᠴᠠᠭᠠᠨ ᠰᠠᠷ᠎ᠠ ᠶᠢᠨ ᠬᠤᠭᠤᠴᠠᠭᠠᠨ ᠳᠤ | ᠠᠵᠢᠯ ᠤᠨ ᠪᠠᠶᠢᠷᠢ ᠪᠠᠨ ᠰᠠᠬᠢᠨ ᠵᠢᠵᠢᠭᠦᠷᠯᠡᠵᠦ ᠪᠠᠶᠢᠭ᠎ᠠ ᠨᠢᠭᠡᠴᠡ ᠪᠠ ᠪᠤᠰᠤᠳ ᠬᠥᠮᠥᠰ ᠢ ᠡᠷᠭᠢᠨ ᠦᠵᠡᠵᠦ ᠪᠣᠯᠭᠤᠭᠠᠨ | ᠲᠣᠬᠤᠨᠢᠭᠤᠯᠪᠠ᠃ | | ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠢᠴᠢ ᠠᠵᠢᠯ ᠠᠴᠠ ᠪᠠᠨ | ᠳᠠᠷᠬᠠᠯᠠᠭᠳᠠᠭᠰᠠᠨ ᠺᠠᠳ᠋ᠷᠴᠤᠳ ᠤᠨ ᠭᠡᠷ ᠪᠦᠯᠢ ᠶᠢᠨ ᠬᠢᠨ᠂ ︽ᠢᠷᠠᠭᠤ ᠠᠯᠳᠠᠷ ᠲᠠᠢ ᠪᠠᠷ ᠨᠠᠮ ᠳᠤ 50 ᠵᠢᠯ︾ ᠤᠨ | ᠢᠷᠠᠭᠤ ᠠᠯᠳᠠᠷᠲᠤ ᠨᠠᠮ ᠤᠨ ᠭᠡᠰᠢᠭᠦᠨ ᠤ ᠭᠡᠷ ᠲᠤ᠂ ᠬᠤᠰᠢᠭᠤ ᠤᠳᠤᠷᠢᠳᠤᠯᠭ᠎ᠠ ᠨᠠᠷ ᠲᠡᠳᠡᠨ ᠤ ᠤᠯᠤᠰ ᠪᠠ ᠨᠡᠶᠢᠭᠡᠮ ᠳᠤ | ᠦᠵᠡᠭᠦᠯᠦᠭᠰᠡᠨ ᠬᠤᠪᠢ ᠨᠡᠮᠡᠷᠢ ᠳᠤ ᠨᠢ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ | ᠪᠠᠶᠢᠬᠤ ᠪᠠᠨ ᠢᠯᠡᠳᠬᠡᠪᠡ᠃ ᠲᠡᠳᠡᠨ ᠤ ᠪᠡᠶ᠎ᠡ ᠪᠠᠨ ᠭᠠᠮᠨᠠᠬᠤ ᠶᠢᠨ ᠬᠠᠮᠲᠤ᠂ ᠪᠠᠷᠠᠭᠤᠨ ᠦᠵᠦᠮᠦᠴᠢᠨ ᠬᠤᠰᠢᠭᠤᠨ ᠤ ᠡᠯ᠎ᠡ | ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢᠬᠠᠨ ᠬᠠᠯᠠᠮᠵᠢᠯᠠᠨ ᠳᠡᠮᠵᠢᠵᠦ᠂ ᠥᠲᠡᠯᠦᠭᠡ | ᠨᠠᠰᠤᠨ ᠤ ᠬᠤᠪᠢ ᠨᠡᠮᠡᠷᠢ ᠪᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃ ᠡᠭᠦᠨ ᠤ ᠬᠠᠮᠲᠤ ᠲᠡᠳᠡᠨ ᠳᠤ ᠴᠠᠭᠠᠨ ᠰᠠᠷ᠎ᠠ ᠶᠢᠨ | ᠮᠡᠨᠳᠦᠴᠢᠯᠡᠯ ᠳᠡᠪᠰᠢᠭᠦᠯᠦᠨ᠂ ᠲᠡᠳᠡᠨ ᠤ ᠪᠡᠶ᠎ᠡ ᠮᠠᠬᠠᠪᠤᠳ ᠡᠷᠡᠭᠦᠯ ᠴᠢᠭᠢᠷᠠᠭ᠂ ᠭᠡᠷ ᠬᠤᠲᠠᠯᠠᠭᠠᠷ ᠢᠶᠠᠨ ᠵᠣᠯ ᠵᠢᠷᠭᠠᠯᠲᠠᠢ | ᠪᠠᠶᠠᠷ ᠬᠥᠷ ᠲᠠᠢ ᠪᠠᠶᠢᠬᠤ ᠶᠢ ᠵᠦᠩᠨᠡᠪᠡ᠃ ᠨᠠᠰᠤᠲᠠᠶᠢᠴᠤᠳ ᠢᠯᠡᠷᠬᠡᠶᠢᠯᠡᠬᠦ ᠳᠡᠭᠡᠨ᠂ ᠪᠠᠷᠠᠭᠤᠨ ᠦᠵᠦᠮᠦᠴᠢᠨ | ᠬᠤᠰᠢᠭᠤᠨ ᠤ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠢᠳᠡᠪᠬᠢᠲᠡᠢ ᠤᠬᠠᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠳᠤ ᠢᠳᠡᠪᠬᠢᠲᠡᠢ ᠪᠠᠷ ᠠᠷᠭ᠎ᠠ | ᠤᠬᠠᠭᠠᠨ ᠢᠶᠠᠨ ᠳᠡᠪᠰᠢᠭᠦᠯᠦᠨ᠎ᠡ ᠭᠡᠪᠡ᠃ | | ᠡᠯ᠎ᠡ ᠱᠠᠲᠤᠨ ᠤ ᠬᠥᠳᠡᠯᠮᠦᠷᠢ ᠶᠢᠨ ᠵᠢᠱᠢᠶᠡᠴᠢ ᠪᠣᠯᠣᠨ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷ᠂ ᠨᠢᠭᠡᠳᠦᠭᠡᠷ ᠱᠦᠵᠢ | ᠂ ᠦᠨᠳᠦᠰᠦᠲᠡᠨ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ᠂ 10 ᠵᠢᠯ ᠠᠴᠠ ᠳᠡᠭᠡᠭᠰᠢ ᠲᠤᠰᠢᠶᠠᠯ ᠡᠭᠦᠷᠭᠡᠯᠡᠵᠦ | ᠪᠠᠶᠢᠭ᠎ᠠ ᠭᠠᠴᠠᠭᠠᠨ ᠤ ᠨᠠᠮ ᠤᠨ ᠡᠭᠦᠷ ᠤᠨ ᠱᠦᠵᠢ ︵ᠭᠠᠴᠠᠭᠠᠨ ᠵᠥᠪᠯᠡᠯ ᠤᠨ ᠡᠷᠬᠢᠯᠡᠭᠴᠢ︶ ᠶᠢᠨ ᠳᠤ ᠬᠦᠷᠴᠦ | ᠲᠣᠬᠤᠨᠢᠭᠤᠯᠬᠤ ᠳᠠᠭᠠᠨ᠂ ᠬᠤᠰᠢᠭᠤ ᠤᠳᠤᠷᠢᠳᠤᠯᠭ᠎ᠠ ᠨᠠᠷ ᠲᠡᠳᠡᠨ ᠤ ᠠᠵᠢᠯ᠂ ᠠᠮᠢᠳᠤᠷᠠᠯ ᠤᠨ ᠪᠠᠶᠢᠳᠠᠯ ᠢ ᠨᠢ ᠨᠠᠷᠢᠨ | ᠠᠰᠠᠭᠤᠵᠤ᠂ ᠲᠡᠳᠡᠨ ᠤ ᠠᠵᠢᠯ ᠤᠨ ᠪᠠᠶᠢᠷᠢ ᠳᠡᠭᠡᠷᠡᠬᠢ ᠠᠮᠵᠢᠯᠲᠠ ᠶᠢ ᠭᠦᠢᠴᠡᠳ ᠨᠤᠲᠠᠯᠠᠵᠤ᠂ ᠪᠠᠷᠠᠭᠤᠨ ᠦᠵᠦᠮᠦᠴᠢᠨ | ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠨᠢ ᠥᠨᠳᠥᠷ ᠦᠨᠡᠯᠡᠵᠦ᠂ | ᠲᠡᠳᠡᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠪᠠᠷᠠᠭᠤᠨ ᠦᠵᠦᠮᠦᠴᠢᠨ | ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠵᠠᠢ᠃ | ᠵᠠᠰᠠᠭ ᠵᠠᠬᠢᠷᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠦᠴᠢᠷᠳᠡᠯ ᠲᠠᠢ ᠠᠵᠢᠯᠲᠠᠨ ᠠᠵᠢᠯᠴᠢᠨ᠂ | ᠬᠦᠴᠢᠷᠳᠡᠯ ᠲᠠᠢ ᠮᠠᠯᠴᠢᠨ ᠲᠠᠷᠢᠶᠠᠴᠢᠨ ᠬᠥᠯᠥᠰᠥᠨ ᠠᠵᠢᠯᠴᠢᠨ ᠪᠣᠯᠣᠨ ᠡᠯ᠎ᠡ ᠰᠤᠮᠤ ᠪᠠᠯᠭᠠᠰᠤᠨ ᠤ ᠬᠦᠴᠢᠷᠳᠡᠯ ᠲᠠᠢ ᠣᠯᠠᠨ | ᠲᠦᠮᠡᠨ᠂ ᠪᠠᠶᠠᠰᠤᠯ ᠮᠠᠯᠵᠢᠬᠤ ᠣᠷᠣᠨ ᠤ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠬᠦᠴᠢᠷᠳᠡᠯ ᠲᠠᠢ ᠡᠷᠦᠬᠡ | ᠵᠢᠴᠢ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ ᠳᠤ ᠬᠦᠷᠴᠦ ᠪᠣᠯᠭᠤᠭᠠᠨ | ᠲᠣᠬᠤᠨᠢᠭᠤᠯᠬᠤ ᠳᠠᠭᠠᠨ᠂ ᠲᠡᠳᠡᠨ ᠤ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠵᠢᠴᠢ ᠲᠤᠯᠭᠠᠷᠠᠵᠤ ᠪᠠᠶᠢᠭ᠎ᠠ ᠪᠣᠳᠠᠲᠠᠢ | ᠬᠦᠴᠢᠷᠳᠡᠯ ᠢ ᠨᠢ ᠨᠠᠷᠢᠨ ᠣᠶᠢᠯᠠᠭᠠᠵᠤ᠂ ᠳᠠᠭᠠᠵᠤ ᠶᠠᠪᠤᠭ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ᠡᠷᠬᠡᠪᠰᠢ | ᠬᠦᠴᠢᠷᠳᠡᠯᠲᠡᠢ ᠣᠯᠠᠨ ᠲᠦᠮᠡᠨ ᠯᠦᠭᠡ ᠶᠢᠨ ᠡᠳᠦᠷ ᠲᠤᠲᠤᠮ ᠤᠨ ᠬᠠᠷᠢᠯᠴᠠᠭ᠎ᠠ ᠪᠠᠨ ᠴᠢᠩᠭᠠᠳᠬᠠᠵᠤ᠂ ᠨᠠᠩ ᠣᠯᠠᠨ | ᠬᠠᠷᠠᠭᠠᠯᠵᠠᠯ ᠦᠵᠡᠭᠦᠯᠦᠨ᠂ ᠲᠡᠳᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠪᠠᠶᠠᠷ | ᠬᠥᠷ ᠲᠠᠢ ᠥᠯᠵᠡᠢ ᠪᠡᠯᠭᠡ ᠲᠠᠢ ᠪᠠᠷ ᠴᠠᠭᠠᠨ ᠰᠠᠷ᠎ᠠ ᠪᠠᠨ ᠪᠡᠯᠭᠡᠯᠡᠬᠦ ᠶᠢ ᠨᠢ ᠪᠠᠲᠤᠯᠠᠬᠤ ᠬᠡᠷᠡᠭᠲᠡᠢ ᠭᠡᠵᠦ ᠰᠠᠨᠠᠭᠤᠯᠪᠠ᠃ | ᠴᠡᠷᠢᠭ ᠠᠩᠭᠢ ᠳᠤ᠂ ᠬᠤᠰᠢᠭᠤ ᠤᠳᠤᠷᠢᠳᠤᠯᠭ᠎ᠠ ᠥᠷᠭᠡᠨ ᠤᠯᠠᠨ ᠳᠠᠷᠤᠭ᠎ᠠ ᠪᠠᠶᠢᠯᠳᠤᠭᠴᠢᠳ ᠲᠤ ᠴᠠᠭᠠᠨ ᠰᠠᠷ᠎ᠠ ᠶᠢᠨ | ᠮᠡᠨᠳᠦᠴᠢᠯᠡᠯ ᠪᠠ ᠵᠥᠩᠨᠡᠯ ᠳᠡᠪᠰᠢᠭᠦᠯᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠪᠠᠷᠠᠭᠤᠨ ᠦᠵᠦᠮᠦᠴᠢᠨ | ᠬᠤᠰᠢᠭᠤᠨ ᠤ ᠪᠦᠲᠦᠭᠡᠨ ᠪᠠᠶᠢᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ | ᠪᠠᠶᠢᠬᠤ ᠪᠠᠨ ᠢᠯᠡᠳᠬᠡᠪᠡ᠃ ᠰᠢᠨ᠎ᠡ ᠨᠢᠭᠡ ᠵᠢᠯ ᠳᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠰᠢᠯᠢᠳᠡᠭ | ᠤᠯᠠᠮᠵᠢᠯᠠᠯ ᠪᠠ ᠡᠷᠡᠰ ᠬᠠᠲᠠᠭᠤ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ | ᠰᠢᠳᠤᠷᠭᠤ ᠬᠠᠷᠢᠭᠤᠴᠠᠯᠭ᠎ᠠ ᠪᠠᠨ ᠲᠠᠶᠢᠯᠪᠤᠷᠢᠯᠠᠵᠤ᠂ ᠠᠷᠠᠳ ᠤᠯᠠᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠪᠠᠷ ᠴᠠᠭᠠᠨ | ᠰᠠᠷ᠎ᠠ ᠪᠠᠨ ᠪᠡᠯᠭᠡᠯᠡᠬᠦ ᠳᠤ ᠰᠠᠶᠢᠨ ᠰᠠᠶᠢᠬᠠᠨ ᠠᠮᠤᠷ ᠲᠦᠪᠰᠢᠨ ᠣᠷᠴᠢᠨ ᠲᠣᠭᠤᠷᠢᠨ ᠢ ᠴᠣᠭᠴᠠᠯᠠᠵᠤ ᠥᠭᠬᠦ ᠶᠢ ᠬᠦᠰᠡᠵᠦ | ᠪᠠᠶᠢᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠭᠢ ᠶᠢᠨ | ᠪᠠᠶᠢᠭᠤᠯᠤᠯᠲᠠ ᠶᠢ ᠬᠠᠯᠠᠮᠵᠢᠯᠠᠵᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠦᠷᠭᠦᠯᠵᠢᠯᠡᠨ ᠰᠢᠯᠢᠳᠡᠭ ᠰᠤᠷᠲᠠᠯ ᠢᠶᠠᠨ | ᠪᠠᠳᠠᠷᠠᠭᠤᠯᠵᠤ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠳᠤ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠢ᠃ | ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠢᠭᠡᠳᠦᠭᠡᠷ | ᠹᠷᠣᠨᠲ ᠤᠨ ᠺᠠᠳ᠋ᠷ ᠠᠵᠢᠯᠲᠠᠳ ᠢ ᠲᠣᠬᠤᠨᠢᠭᠤᠯᠬᠤ ᠳᠠᠭᠠᠨ᠂ ᠲᠣᠬᠤᠨᠢᠭᠤᠯᠬᠤ ᠳᠤᠭᠤᠶᠢᠯᠠᠩ ᠤᠨ ᠬᠢᠨ ᠴᠠᠭᠠᠨ ᠰᠠᠷ᠎ᠠ ᠶᠢᠨ | ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠢᠭᠡᠳᠦᠭᠡᠷ ᠹᠷᠣᠨᠲ ᠤᠨ ᠠᠵᠢᠯᠲᠠᠳ ᠲᠤ ᠴᠠᠭᠠᠨ | ᠰᠠᠷ᠎ᠠ ᠶᠢᠨ ᠰᠠᠶᠢᠨ ᠰᠠᠶᠢᠬᠠᠨ ᠵᠥᠩᠨᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ ᠲᠡᠳᠡᠨ ᠤ ᠪᠡᠶ᠎ᠡ ᠶᠢᠨ ᠪᠠᠶᠢᠳᠠᠯ | ᠪᠠ ᠠᠵᠢᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ | ᠵᠢᠴᠢ ᠨᠡᠶᠢᠭᠡᠮ ᠤᠨ ᠬᠥᠭᠵᠢᠯᠲᠡ ᠶᠢ ᠪᠠᠲᠤᠯᠠᠬᠤ ᠳᠤ ᠦᠵᠡᠭᠦᠯᠦᠭᠰᠡᠨ ᠬᠤᠪᠢ ᠨᠡᠮᠡᠷᠢ ᠳᠤ ᠨᠢ ᠲᠠᠯᠠᠷᠬᠠᠵᠤ ᠪᠠᠶᠢᠬᠤ ᠪᠠᠨ | ᠢᠯᠡᠳᠬᠡᠵᠦ᠂ ᠲᠡᠳᠡᠨ ᠤ ᠠᠵᠢᠯ ᠤᠨ ᠪᠠᠶᠢᠷᠢ ᠳᠠᠭᠠᠨ ᠬᠠᠷᠠᠮ ᠦᠭᠡᠢ ᠵᠣᠷᠢᠭᠤᠯᠵᠤ ᠬᠠᠷᠢᠭᠤᠴᠠᠯᠭ᠎ᠠ ᠡᠭᠦᠷᠭᠡᠯᠡᠬᠦ ᠵᠣᠷᠢᠭ | ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠡᠷᠡᠮᠡᠬᠡᠶᠢᠯᠡᠨ ᠤᠷᠤᠭᠰᠢᠯᠠᠬᠤ ᠶᠢ ᠬᠦᠰᠡᠵᠦ ᠪᠠᠶᠢᠨ᠎ᠠ ᠭᠡᠵᠡᠢ᠃ | |