ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠠᠶᠠᠨᠴᠢᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/2/5
   ᠬᠦᠮᠦᠰ ᠴᠠᠭᠠᠨ ᠰᠠᠷ᠎ᠠ ᠪᠠᠷ ᠭᠡᠷ ᠬᠤᠲᠠᠯᠠᠭᠠᠷ ᠢᠶᠠᠨ ᠴᠤᠭᠯᠠᠷᠠᠨ ᠪᠠᠶᠠᠷ ᠨᠠᠶᠢᠷ ᠪᠣᠯᠬᠤ ᠭᠡᠵᠦ ᠶᠠᠭᠠᠷᠠᠯᠳᠤᠵᠤ ᠪᠠᠶᠢᠬᠤ ᠳᠤ᠂ ᠪᠠᠷᠠᠭᠤᠨ ᠦᠵᠦᠮᠦᠴᠢᠨ ᠬᠤᠰᠢᠭᠤᠨ ᠤ ᠬᠤᠯᠠ ᠵᠠᠮ ᠤᠨ ᠮᠠᠰᠢᠨ ᠲᠡᠷᠭᠡᠨ ᠤ ᠥᠷᠲᠡᠭᠡᠨ ᠳᠤ ᠨᠢᠭᠡ ᠪᠦᠯᠦᠭ ᠬᠦᠮᠦᠰ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠠᠷᠢᠭᠤᠴᠠᠯᠭ᠎ᠠ ᠡᠭᠦᠷᠭᠡᠯᠡᠯ ᠢᠶᠠᠷ ᠢᠶᠠᠨ ᠠᠶᠠᠨᠴᠢᠳ ᠤᠨ ᠶᠠᠪᠤᠵᠤ ᠰᠠᠭᠤᠬᠤ ᠳᠤ ᠪᠠᠲᠤᠯᠠᠭ᠎ᠠ ᠬᠠᠩᠭᠠᠨ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠩ ᠬᠠᠯᠠᠭᠤᠨ ᠳᠤᠯᠠᠭᠠᠨ᠂ ᠠᠮᠤᠷ ᠲᠠᠶᠢᠪᠤᠩ ᠪᠣᠯᠭᠠᠭᠰᠠᠨ ᠪᠠᠶᠢᠨ᠎ᠠ᠃   ᠪᠠᠷᠠᠭᠤᠨ ᠦᠵᠦᠮᠦᠴᠢᠨ ᠬᠤᠰᠢᠭᠤᠨ ᠤ ᠬᠤᠯᠠ ᠵᠠᠮ ᠤᠨ ᠮᠠᠰᠢᠨ ᠲᠡᠷᠭᠡᠨ ᠤ ᠥᠷᠲᠡᠭᠡᠨ ᠳᠤ ᠠᠶᠠᠨᠴᠢᠳ ᠪᠣᠭᠴᠣ ᠪᠣᠭᠤᠳᠠᠯ ᠢᠶᠠᠨ ᠵᠥᠭᠡᠭᠡᠵᠦ ᠭᠡᠷ ᠲᠡᠭᠡᠨ ᠬᠠᠷᠢᠵᠤ ᠰᠢᠨᠡᠯᠡᠬᠦ ᠠᠶᠠᠨ ᠵᠠᠮ ᠳᠠᠭᠠᠨ ᠭᠠᠷᠬᠤ ᠪᠠᠷ ᠪᠠᠶᠠᠷᠯᠠᠵᠤ ᠪᠠᠶᠢᠬᠤ ᠳᠤ ᠲᠡᠷᠭᠡᠨ ᠥᠷᠲᠡᠭᠡᠨ ᠤ ᠠᠵᠢᠯᠲᠠᠳ ᠨᠡᠩ ᠶᠠᠭᠠᠷᠠᠯᠲᠠᠢ  ᠠᠵᠢᠯᠯᠠᠵᠤ ᠪᠠᠶᠢᠯ᠎ᠠ᠃ ︽ᠲᠠ ᠰᠠᠶᠢᠨ ᠤᠤ᠂ ᠪᠣᠭᠴᠣ ᠪᠠᠨ ᠳᠠᠮᠵᠢᠭᠤᠯᠭ᠎ᠠ ᠶᠢᠨ ᠪᠦᠰᠡᠨ ᠳᠡᠭᠡᠷ᠎ᠡ ᠲᠠᠯᠪᠢᠭᠠᠷᠠᠢ︾᠂ ︽ᠠᠮᠤᠷ ᠲᠦᠪᠰᠢᠨ ᠤ ᠪᠠᠶᠢᠴᠠᠭᠠᠯᠲᠠ ᠶᠢ ᠬᠦᠯᠢᠶᠡᠭᠡᠷᠡᠢ︾ ᠭᠡᠵᠦ ᠠᠮᠤᠷ ᠲᠦᠪᠰᠢᠨ ᠤ ᠪᠠᠶᠢᠴᠠᠭᠠᠭᠴᠢ ᠠᠶᠠᠨᠴᠢᠨ ᠨᠢᠭᠡᠪᠦᠷᠢ ᠶᠢᠨ ᠪᠣᠭᠴᠣ ᠪᠣᠭᠤᠳᠠᠯ ᠢ ᠨᠠᠷᠢᠨ ᠬᠢᠨᠠᠮᠠᠭᠠᠢ ᠪᠠᠶᠢᠴᠠᠭᠠᠵᠤ᠂ ᠠᠮᠤᠷ ᠲᠦᠪᠰᠢᠨ ᠤ ᠬᠡᠮ ᠰᠣᠭᠤᠭ ᠢ ᠣᠨᠴᠠ ᠠᠩᠬᠠᠷᠤᠨ ᠨᠢᠮᠪᠠᠢ ᠠᠵᠢᠯᠯᠠᠨ᠎ᠠ᠃ ᠲᠡᠳᠡᠨ ᠤ ᠠᠵᠢᠯ ᠬᠡᠳᠦᠶᠢᠪᠡᠷ ᠲᠠᠩ ᠴᠤᠯᠭᠤᠢ ᠪᠣᠯᠪᠠᠴᠤ ᠬᠠᠷᠢᠭᠤᠴᠠᠯᠭ᠎ᠠ ᠨᠢ ᠬᠦᠨᠳᠦ ᠪᠠᠶᠢᠵᠤ᠂ ᠠᠶᠠᠨᠴᠢᠨ ᠨᠢᠭᠡᠪᠦᠷᠢ ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ  ᠬᠤᠯᠪᠣᠭᠳᠠᠳᠠᠭ᠃ ︽ᠴᠠᠭᠠᠨ ᠰᠠᠷ᠎ᠠ ᠪᠣᠯ ᠬᠦᠮᠦᠰ ᠤᠨ ᠭᠡᠷ ᠬᠤᠲᠠᠯᠠᠭᠠᠷ ᠢᠶᠠᠨ ᠴᠤᠭᠯᠠᠷᠠᠵᠤ ᠪᠠᠶᠠᠷ ᠤᠨ ᠡᠳᠦᠷ ᠢᠶᠠᠨ ᠪᠡᠯᠭᠡᠯᠡᠬᠦ ᠨᠠᠨᠳᠢᠨ ᠮᠦᠴᠡ ᠪᠣᠯᠣᠨ᠎ᠠ᠂ ᠪᠢᠳᠡ ᠡᠷᠬᠡᠪᠰᠢ ᠠᠮᠤᠷ ᠲᠦᠪᠰᠢᠨ ᠤ ᠪᠣᠭᠤᠮᠲᠠ ᠶᠢ ᠰᠠᠶᠢᠲᠤᠷ ᠰᠠᠬᠢᠵᠤ᠂ ᠠᠶᠠᠨᠴᠢᠳ ᠤᠨ ᠠᠮᠤᠷ ᠲᠦᠪᠰᠢᠨ ᠢᠶᠠᠷ ᠭᠡᠷ ᠲᠡᠭᠡᠨ ᠬᠠᠷᠢᠬᠤ ᠠᠶᠠᠨ ᠳᠤ ᠮᠣᠷᠳᠠᠬᠤ ᠶᠢ ᠪᠠᠲᠤᠯᠠᠬᠤ ᠬᠡᠷᠡᠭᠲᠡᠢ︾ ᠭᠡᠵᠦ ᠲᠡᠳᠡ ᠶᠠᠷᠢᠵᠤ ᠪᠠᠶᠢᠯ᠎ᠠ᠃     ᠪᠢᠯᠧᠲ ᠬᠤᠳᠠᠯᠳᠤᠬᠤ ᠴᠣᠩᠬᠤᠨ ᠳᠤ ᠬᠦᠷᠬᠦ ᠳᠤ᠂ ᠪᠢᠯᠧᠲ ᠬᠤᠳᠠᠯᠳᠤᠭᠴᠢ ᠶᠠᠭ ᠠᠶᠠᠨᠴᠢᠳ ᠲᠤ ᠪᠢᠯᠧᠲ ᠬᠤᠳᠠᠯᠳᠤᠨ ᠥᠭᠬᠦ᠂ ᠪᠢᠯᠧᠲ ᠪᠤᠴᠠᠭᠠᠬᠤ ᠠᠵᠢᠯ ᠳᠤ ᠶᠠᠭᠠᠷᠠᠨ᠂ ᠬᠦᠯᠢᠴᠡᠩᠭᠦᠢ ᠪᠥᠭᠡᠳ ᠠᠩᠬᠠᠷᠤᠯ ᠲᠠᠢ ᠠᠵᠢᠯᠯᠠᠵᠤ ᠪᠠᠶᠢᠯ᠎ᠠ᠃ ︽ᠰᠢᠨ᠎ᠡ ᠵᠢᠯ ᠤᠨ ᠮᠡᠨᠳᠦ ᠬᠦᠷᠭᠡᠶ᠎ᠡ᠂ ᠲᠠ ᠬᠠᠮᠢᠭ᠎ᠠ ᠣᠴᠢᠬᠤ ᠪᠢᠯᠧᠲ ᠠᠪᠬᠤ ᠪᠤᠶ︖︾᠂ ︽ᠪᠢᠲᠡᠭᠡᠢ ᠶᠠᠭᠠᠷᠠ᠂ ᠪᠢ ᠳᠠᠷᠤᠶᠢᠬᠠᠨ ᠲᠠᠨ ᠳᠤ ᠯᠠᠪᠯᠠᠵᠤ ᠥᠭᠭᠦᠶ᠎ᠡ︾ ᠁ ᠭᠡᠵᠦ ᠬᠠᠯᠠᠭᠤᠨ ᠳᠣᠲᠣᠨᠣ ᠮᠡᠨᠳᠦᠴᠢᠯᠡᠯ ᠪᠠ ᠦᠭᠡ ᠶᠠᠷᠢᠶ᠎ᠠ ᠪᠦᠬᠦᠨ ᠨᠢ ᠠᠶᠠᠨᠴᠢᠳ ᠤᠨ ᠰᠡᠳᠬᠢᠯ ᠢ ᠳᠤᠯᠠᠭᠠᠴᠠᠭᠤᠯᠤᠨ᠎ᠠ᠃ ᠠᠶᠠᠨᠴᠢᠳ ᠤᠨ ᠲᠡᠷᠭᠡᠨ ᠤ  ᠡᠭᠡᠯᠵᠢ ᠳᠠᠷᠠᠭ᠎ᠠ᠂ ᠴᠠᠭ᠂ ᠪᠢᠯᠧᠲ ᠤᠨ ᠦᠨ᠎ᠡ ᠶᠢᠨ ᠲᠤᠬᠠᠢ ᠡᠯ᠎ᠡ ᠵᠦᠢᠯ ᠤᠨ ᠠᠰᠠᠭᠤᠯᠲᠠ ᠶᠢ ᠨᠢᠭᠡᠳ ᠨᠢᠭᠡ ᠪᠠᠷ ᠨᠠᠷᠢᠨ ᠬᠠᠷᠢᠭᠤᠯᠵᠤ᠂ ᠠᠶᠠᠨᠴᠢᠳ ᠲᠤ ᠦᠢᠯᠡᠴᠢᠯᠡᠬᠦ ᠡᠭᠡᠯ ᠵᠢᠷ ᠤᠨ ᠠᠵᠢᠯ ᠤᠨ ᠪᠠᠶᠢᠷᠢᠨ ᠳᠠᠭᠠᠨ ᠡᠷᠬᠢᠮ ᠵᠢᠳᠬᠦᠯ ᠢᠶᠠᠨ ᠦᠵᠡᠭᠦᠯᠵᠦ ᠶᠠᠭᠠᠷᠠᠨ᠎ᠠ᠃    ᠲᠡᠷᠭᠡᠨ ᠥᠷᠲᠡᠭᠡᠨ ᠤ ᠠᠵᠢᠯᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠴᠠᠭᠠᠨ ᠰᠠᠷ᠎ᠠ ᠶᠢᠨ ᠬᠤᠭᠤᠴᠠᠭᠠᠨ ᠳᠤ ᠠᠶᠠᠨᠴᠢᠳ ᠤᠨ ᠲᠤᠭ᠎ᠠ ᠬᠡᠮᠵᠢᠶ᠎ᠡ ᠡᠩ ᠤᠨ ᠦᠶ᠎ᠡ ᠶᠢᠨ ᠬᠢ ᠠᠴᠠ ᠬᠤᠯᠠ ᠶᠡᠭᠡ ᠨᠡᠮᠡᠭᠳᠡᠵᠡᠢ᠂ ᠪᠢᠯᠧᠲ ᠪᠠᠶᠢᠴᠠᠭᠠᠬᠤ᠂ ᠠᠶᠠᠨᠴᠢᠳ ᠤᠨ ᠲᠡᠷᠭᠡᠨ ᠳᠤ ᠭᠠᠷᠬᠤ ᠶᠠᠪᠤᠴᠠ ᠶᠢ ᠨᠡᠩ ᠳᠦᠭᠦᠮ ᠲᠦᠲᠡ ᠪᠣᠯᠭᠠᠵᠤ᠂ ᠲᠡᠷᠭᠡᠨ ᠥᠷᠲᠡᠭᠡᠨ ᠤ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ ᠪᠠᠷᠠᠭᠤᠨ ᠦᠵᠦᠮᠦᠴᠢᠨ ᠬᠤᠰᠢᠭᠤᠨ ᠤ ᠬᠤᠯᠠ ᠵᠠᠮ ᠤᠨ ᠮᠠᠰᠢᠨ ᠲᠡᠷᠭᠡᠨ ᠤ ᠥᠷᠲᠡᠭᠡ ᠨᠢ ᠴᠠᠭᠠᠰᠤ ᠬᠡᠷᠡᠭᠯᠡᠬᠦ ᠦᠭᠡᠢ ᠮᠠᠰᠢᠨ ᠲᠥᠬᠦᠭᠡᠷᠦᠮᠵᠢ ᠤᠭᠰᠠᠷᠠᠵᠤ᠂ ᠠᠶᠠᠨᠴᠢᠳ ᠤᠨ ᠪᠢᠯᠧᠲ ᠪᠠᠶᠢᠴᠠᠭᠠᠯᠭᠠᠬᠤ ᠪᠠ ᠥᠷᠲᠡᠭᠡᠨ ᠳᠤ ᠣᠷᠣᠬᠤ ᠳᠤ ᠲᠥᠬᠦᠮ ᠪᠣᠯᠭᠠᠭᠰᠠᠨ ᠶᠤᠮ ᠭᠡᠵᠦ ᠪᠠᠶᠢᠯ᠎ᠠ᠃ ᠲᠡᠷᠭᠡᠨ ᠥᠷᠲᠡᠭᠡᠨ ᠤ ᠠᠵᠢᠯᠲᠠᠳ ᠪᠠᠰᠠ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠳᠤᠮᠳᠠ ᠪᠠᠨ᠂ ᠮᠠᠰᠢ ᠤᠯᠠᠨ ᠠᠶᠠᠨᠴᠢᠳ ᠬᠦᠢᠲᠡᠨ ᠰᠠᠭᠤᠳᠠᠯ ᠳᠡᠭᠡᠷ᠎ᠡ ᠤᠳᠠᠭᠠᠨ ᠰᠠᠭᠤᠵᠤ ᠲᠡᠷᠭᠡ ᠬᠥᠳᠡᠯᠬᠦ ᠴᠠᠭ ᠢᠶᠠᠨ ᠬᠦᠯᠢᠶᠡᠳᠡᠭ ᠪᠠᠶᠢᠳᠠᠯ ᠳᠤ ᠵᠤᠬᠢᠴᠠᠭᠤᠯᠤᠨ᠂ ᠲᠡᠷᠭᠡ ᠬᠦᠯᠢᠶᠡᠬᠦ ᠲᠣᠭᠤᠷᠢᠭ ᠤᠨ ᠰᠠᠭᠤᠳᠠᠯ ᠳᠤ ᠵᠥᠭᠡᠯᠡᠨ ᠳᠡᠪᠢᠰᠬᠡᠷ ᠳᠡᠪᠢᠰᠴᠦ᠂ ᠠᠶᠠᠨᠴᠢᠳ ᠲᠤ ᠨᠡᠩ ᠲᠠᠭᠠᠯᠠᠮᠵᠢᠲᠠᠢ ᠪᠠᠷ ᠲᠡᠷᠭᠡ ᠬᠦᠯᠢᠶᠡᠬᠦ ᠣᠷᠴᠢᠨ ᠲᠣᠭᠤᠷᠢᠨ ᠢ ᠬᠠᠩᠭᠠᠵᠤ᠂ ᠡᠪᠦᠯ ᠤᠨ ᠬᠦᠢᠲᠡᠨ ᠳᠤ ᠴᠤ ᠬᠠᠯᠠᠭᠤᠨ ᠳᠤᠯᠠᠭᠠᠨ ᠠᠭᠤᠷ ᠠᠮᠢᠰᠬᠤᠯ ᠢ ᠪᠣᠢ ᠪᠣᠯᠭᠠᠵᠤ ᠴᠢᠳᠠᠭᠰᠠᠨ ᠪᠠᠶᠢᠨ᠎ᠠ᠃ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠡᠳᠡᠭᠡᠷ ᠠᠵᠢᠯᠲᠠᠳ ᠪᠣᠯ ᠴᠠᠭᠠᠨ ᠰᠠᠷ᠎ᠠ ᠪᠠᠷ ᠠᠵᠢᠯ ᠤᠨ ᠪᠠᠶᠢᠷᠢᠨ ᠳᠠᠭᠠᠨ ᠭᠠᠪᠰᠢᠭᠠᠶᠢᠯᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ ᠪᠠᠶᠢᠭ᠎ᠠ ᠦᠢ ᠣᠯᠠᠨ ᠬᠥᠮᠥᠰ ᠤᠨ ᠨᠢᠭᠡᠨ ᠬᠤᠷᠢᠶᠠᠩᠭᠤᠢ ᠳᠦᠷᠰᠦ ᠲᠡᠳᠦᠢ ᠶᠤᠮ᠃ ᠲᠡᠷᠭᠡᠨ ᠥᠷᠲᠡᠭᠡᠨ ᠤ ᠴᠡᠪᠡᠷᠯᠡᠭᠴᠢ ᠨᠢ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠲᠡᠷᠭᠡᠨ ᠥᠷᠲᠡᠭᠡᠨ ᠤ ᠠᠷᠢᠭᠤᠨ ᠴᠡᠪᠡᠷ ᠢ ᠬᠠᠮᠠᠭᠠᠯᠠᠨ᠎ᠠ᠃ ᠰᠡᠯᠪᠢᠨ ᠵᠠᠰᠠᠬᠤ ᠠᠵᠢᠯᠲᠠᠳ ᠨᠢ ᠴᠠᠭ ᠢᠮᠠᠭᠲᠠ ᠡᠭᠦᠷᠭᠡ ᠬᠦᠯᠢᠶᠡᠬᠦ ᠪᠠᠷ ᠪᠡᠯᠡᠬᠡᠨ ᠪᠠᠶᠢᠵᠤ᠂ ᠲᠣᠨᠤᠭ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠨ᠎ᠠ᠃ ᠪᠠᠰᠠ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ  ᠲᠣᠭᠤᠷᠢᠨ ᠴᠠᠭᠳᠠᠵᠤ ᠵᠢᠵᠢᠭᠦᠷᠯᠡᠨ᠂ ᠠᠶᠠᠨᠴᠢᠳ ᠤᠨ ᠠᠮᠤᠷ ᠲᠦᠪᠰᠢᠨ ᠢ ᠪᠠᠲᠤᠯᠠᠨ᠎ᠠ ᠁ ᠳᠡᠳᠡ ᠥᠪᠡᠷ ᠥᠪᠡᠷ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠡᠭᠦᠷᠭᠡᠯᠡᠯ ᠢᠶᠠᠨ ᠲᠠᠶᠢᠯᠪᠤᠷᠢᠯᠠᠵᠤ᠂ ᠴᠠᠭᠠᠨ ᠰᠠᠷ᠎ᠠ ᠶᠢᠨ ᠬᠠᠮᠤᠭ ᠤᠨ  ᠰᠠᠶᠢᠬᠠᠨ ᠦᠵᠡᠮᠵᠢ ᠶᠢ ᠬᠠᠮᠲᠤᠪᠠᠷ ᠵᠢᠷᠤᠭᠯᠠᠨ᠎ᠠ᠃     ᠲᠡᠳᠡᠨ ᠤ ᠬᠠᠷᠠᠮ ᠦᠭᠡᠢ ᠵᠢᠳᠬᠦᠯ ᠠᠴᠠ ᠠᠶᠠᠨᠴᠢᠳ ᠤᠨ ᠠᠮᠤᠷ ᠲᠠᠶᠢᠪᠤᠩ᠂ ᠬᠠᠯᠠᠭᠤᠨ ᠳᠤᠯᠠᠭᠠᠨ ᠠᠶᠠᠯᠠᠯ ᠡᠬᠢᠯᠡᠨ᠎ᠡ᠃ ᠪᠢᠳᠡ‌‍ᠰᠢᠨ᠎ᠡ ᠵᠢᠯ ᠴᠠᠭᠠᠨ ᠰᠠᠷ᠎ᠠ ᠪᠠᠷ ᠴᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠡᠲᠡᠭᠡᠷ ᠠᠵᠢᠯᠲᠠᠳ ᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠲᠡᠳᠡᠨ ᠤ ᠰᠢᠨ᠎ᠡ ᠵᠢᠯ ᠳᠡᠭᠡᠨ ᠠᠵᠠ ᠬᠡᠶᠢᠮᠦᠷᠢ ᠲᠠᠢ᠂ ᠠᠵᠢᠯ ᠦᠢᠯᠡᠰ ᠨᠢ ᠤᠷᠤᠭᠰᠢᠲᠠᠢ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠵᠦᠩᠨᠡᠶ᠎ᠡ︕  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号