ᠨᠡᠶᠢᠭᠡᠮ ᠲᠣᠭᠤᠷᠢᠭ ᠤᠨ ᠠᠵᠢᠯᠲᠠᠳ ᠤᠨ ᠨᠠᠨᠳᠢᠨ ᠪᠠᠷᠢᠮᠲᠠᠯᠠᠯ
ᠨᠡᠶᠢᠲᠡᠯᠡᠭᠰᠡᠨ ᠴᠠᠭ᠄
2025/2/5
    ᠭᠡᠷ ᠬᠤᠲᠠᠯᠠᠭᠠᠷ ᠢᠶᠠᠨ ᠴᠤᠭᠯᠠᠷᠠᠵᠤ ᠪᠠᠶᠠᠷᠯᠠᠯᠳᠤᠨ ᠨᠠᠶᠢᠷᠠᠯᠳᠤᠬᠤ ᠴᠠᠭᠠᠨ ᠰᠠᠷ᠎ᠠ ᠪᠠᠷ ᠨᠢᠭᠡ ᠪᠦᠯᠦᠭ ᠬᠦᠮᠦᠰ ᠠᠵᠢᠯ ᠤᠨ ᠪᠠᠶᠢᠷᠢ ᠳᠡᠭᠡᠷ᠎ᠡ ᠪᠠᠨ ᠶᠠᠭᠠᠷᠠᠯᠲᠠᠢ ᠠᠵᠢᠯᠯᠠᠵᠤ᠂ ᠨᠡᠶᠢᠭᠡᠮ ᠲᠣᠭᠤᠷᠢᠭ ᠤᠨ ᠠᠮᠤᠷ ᠲᠠᠶᠢᠪᠤᠩ ᠪᠠ ᠡᠶ᠎ᠡ ᠵᠣᠬᠢᠴᠠᠯ ᠢ ᠰᠠᠬᠢᠨ ᠬᠠᠮᠠᠭᠠᠯᠠᠵᠤ ᠪᠠᠶᠢᠳᠠᠭ᠃ ᠲᠠᠳᠠ ᠪᠣᠯ ᠨᠡᠶᠢᠭᠡᠮ ᠲᠣᠭᠤᠷᠢᠭ ᠤᠨ ᠠᠵᠢᠯᠲᠠᠳ ᠶᠤᠮ᠃ ᠡᠨᠡ ᠵᠢᠯ  ᠤᠨ ᠴᠠᠭᠠᠨ ᠰᠠᠷ᠎ᠠ ᠪᠠᠷ ᠪᠢᠳᠡ ᠦᠨᠳᠦᠰᠦᠨ ᠱᠠᠲᠤᠨ ᠳᠤ ᠬᠦᠷᠴᠦ᠂ ᠡᠳᠡᠬᠡᠷ ᠡᠭᠡᠯ ᠵᠢᠷ ᠤᠨ ᠠᠵᠢᠯ ᠤᠨ ᠪᠠᠶᠢᠷᠢᠨ ᠳᠠᠭᠠᠨ ᠡᠷᠬᠢᠮ ᠳᠡᠭᠡᠳᠦ ᠬᠠᠷᠢᠭᠤᠴᠠᠯᠭ᠎ᠠ ᠪᠠᠨ ᠭᠦᠢᠴᠡᠳᠬᠡᠵᠦ ᠶᠠᠪᠤᠭ᠎ᠠ ᠲᠡᠳᠡᠨ ᠤ ᠴᠠᠭᠠᠨ ᠰᠠᠷ᠎ᠠ ᠪᠠᠨ ᠬᠡᠷᠬᠢᠨ ᠥᠩᠭᠡᠷᠡᠭᠦᠯᠵᠦ ᠪᠠᠶᠢᠭ᠎ᠠ ᠲᠤᠬᠠᠢ ᠣᠶᠢᠯᠠᠭᠠᠯ᠎ᠠ᠃     ᠴᠠᠭᠠᠨ ᠰᠠᠷ᠎ᠠ ᠣᠶᠢᠷᠠᠳᠴᠤ᠂ ᠵᠡᠭᠡᠯᠢ ᠭᠤᠳᠤᠮᠵᠢ ᠪᠠᠷ ᠳ᠋ᠧᠩ ᠭᠡᠷᠡᠯᠲᠦᠭᠦᠯᠭᠡ ᠮᠢᠷᠠᠯᠵᠠᠵᠤ᠂ ᠭᠠᠵᠠᠷ ᠪᠣᠯᠭᠠᠨ ᠳᠤ ᠪᠠᠶᠠᠷ ᠬᠦᠷ ᠲᠠᠢ ᠠᠭᠤᠷ ᠠᠮᠢᠰᠬᠤᠯ ᠪᠢᠯᠬᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠴᠠᠶᠢᠷᠠᠭᠤᠯᠬᠤ᠂ ᠥᠨᠳᠥᠷ ᠨᠠᠰᠤᠨ ᠤ ᠨᠦᠬᠦᠪᠦᠷᠢ ᠶᠢᠨ ᠭᠡᠷᠡᠴᠢᠯᠡᠯ ᠬᠢᠯᠭᠡᠬᠦ ᠵᠡᠷᠭᠡ ᠰᠠᠭᠤᠭᠠᠯᠢ ᠠᠷᠠᠳ ᠤᠨ ᠮᠠᠰᠢ ᠣᠯᠠᠨ ᠶᠠᠪᠤᠳᠠᠯ ᠢ ᠭᠦᠢᠴᠡᠳᠬᠡᠬᠦ ᠴᠢᠬᠤᠯᠠᠲᠠᠢ ᠪᠠᠶᠢᠵᠤ᠂ ᠬᠡᠰᠡᠭ ᠰᠠᠭᠤᠭᠠᠯᠢ ᠠᠷᠠᠳ ᠢᠯᠠᠩᠭᠤᠶ᠎ᠠ ᠨᠠᠰᠤᠲᠠᠶᠢᠴᠤᠳ ᠪᠠ ᠵᠡᠮᠳᠡᠭᠴᠦᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠳᠠᠯ ᠢ ᠪᠣᠳᠣᠯᠬᠢᠯᠠᠨ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠨᠡᠶᠢᠭᠡᠮ ᠲᠣᠭᠤᠷᠢᠭ ᠤᠨ ᠠᠵᠢᠯᠲᠠᠨ ᠭᠤᠸ᠎ᠠ ᠡᠯ᠎ᠡ ᠵᠦᠢᠯ ᠤᠨ ᠬᠠᠪᠰᠤᠷᠤᠨ ᠭᠦᠢᠴᠡᠳᠬᠡᠵᠦ ᠪᠣᠯᠬᠤ ᠵᠦᠢᠯᠡᠰ ᠢ ᠨᠠᠷᠢᠨ ᠡᠮᠬᠢᠯᠡᠨ᠂ ᠨᠡᠶᠢᠭᠡᠮ ᠲᠣᠭᠤᠷᠢᠭ ᠤᠨ ᠠᠯᠪᠠᠨ ᠵᠠᠷ ᠤᠨ ᠪᠤᠯᠤᠩ᠂ ᠸᠢᠴᠠᠲ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠦᠢᠯᠡᠴᠢᠯᠡᠭᠡᠨ ᠤ ᠵᠦᠢᠯᠡᠰ ᠢ ᠥᠷᠭᠡᠨ ᠢᠶᠠᠷ ᠤᠬᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠪᠥᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠪᠡ᠃ ᠥᠨᠳᠥᠷ ᠨᠠᠰᠤᠨ ᠤ ᠨᠦᠬᠦᠪᠦᠷᠢ ᠨᠢ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠠᠰᠠᠷᠠᠮᠵᠢ ᠪᠠᠶᠢᠵᠤ᠂ ᠨᠥᠬᠦᠪᠦᠷᠢ ᠥᠭᠬᠦ ᠭᠠᠷᠳᠠᠮ ᠢ ᠭᠦᠢᠴᠡᠳᠬᠡᠬᠦ ᠳᠤ ᠮᠠᠰᠢ ᠣᠯᠠᠨ ᠶᠠᠪᠤᠴᠠ ᠪᠠ ᠮᠠᠲ᠋ᠧᠷᠢᠶᠠᠯ ᠬᠡᠷᠡᠭᠰᠡᠳᠡᠭ ᠲᠤᠯᠠ ᠬᠡᠰᠡᠭ ᠨᠠᠰᠤᠲᠠᠶᠢᠴᠤᠳ ᠲᠤ ᠠᠪᠴᠤ ᠬᠡᠯᠡᠪᠡᠯ ᠨᠡᠯᠢᠶᠡᠳ ᠬᠦᠴᠢᠷᠲᠡᠢ ᠪᠠᠶᠢᠳᠠᠭ᠃ ᠨᠠᠰᠤᠲᠠᠶᠢᠴᠤᠳ ᠲᠤ ᠰᠢᠨ᠎ᠡ ᠵᠢᠯ ᠤᠨ ᠡᠬᠢᠨ ᠳᠤ ᠡᠨᠡ ᠬᠦ ᠬᠠᠯᠠᠮᠵᠢᠯᠠᠯ ᠢ ᠴᠠᠭ ᠲᠤᠬᠠᠢ ᠳᠤᠨᠢ ᠬᠦᠷᠲᠡᠭᠡᠬᠦ ᠶᠢᠨ ᠲᠤᠯᠠᠳᠠ᠂ ᠭᠤᠸ᠎ᠠ ᠰᠠᠨᠠᠭᠠᠴᠢᠯᠠᠭ᠎ᠠ  ᠠᠴᠠ ᠪᠠᠨ ᠭᠡᠷ ᠲᠤᠨᠢ ᠬᠦᠷᠴᠦ ᠦᠢᠯᠡᠴᠢᠯᠡᠭᠰᠡᠨ ᠪᠠᠶᠢᠨ᠎ᠠ᠃ ︽ᠰᠢᠨ᠎ᠡ ᠴᠠᠭᠠᠨ ᠰᠠᠷ᠎ᠠ ᠪᠣᠯᠵᠤ ᠪᠠᠶᠢᠨ᠎ᠠ᠂ ᠲᠠᠨᠠᠷ ᠪᠠᠰᠠ ᠮᠠᠨ ᠤ ᠡᠳᠡᠭᠡᠷ ᠨᠠᠰᠤᠲᠠᠶᠢᠴᠤᠳ ᠢ ᠪᠤᠳᠤᠵᠦ᠂ ᠪᠢᠳᠡᠨ ᠢ ᠬᠠᠪᠰᠤᠷᠴᠤ ᠡᠶᠢᠮᠦ ᠴᠢᠬᠤᠯᠠ ᠶᠠᠪᠤᠳᠠᠯ ᠢ ᠬᠢᠵᠦ ᠥᠭᠭᠦᠭᠰᠡᠨ ᠳᠤ ᠴᠢᠨᠢ ᠮᠠᠰᠢ ᠲᠠᠯᠠᠷᠬᠠᠵᠤ ᠪᠠᠶᠢᠨ᠎ᠠ︾ ᠭᠡᠵᠦ 91 ᠨᠠᠰᠤᠲᠠᠢ ᠨᠢᠦ ᠨᠠᠰᠤᠲᠠᠨ ᠰᠡᠳᠬᠢᠯ ᠳᠣᠭᠳᠣᠯᠤᠨ ᠬᠡᠯᠡᠨ᠎ᠡ᠃    ᠨᠡᠶᠢᠭᠡᠮ ᠲᠣᠭᠤᠷᠢᠭ ᠤᠨ ᠠᠵᠢᠯᠲᠠᠨ ᠨᠢᠭᠡᠪᠦᠷᠢ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠨᠡᠩ ᠤᠯᠠᠨ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠪᠠ ᠬᠠᠯᠠᠭᠤᠨ ᠳᠤᠯᠠᠭᠠᠨ ᠢ ᠮᠡᠳᠡᠷᠡᠭᠦᠯᠪᠡ᠃ ᠨᠡᠶᠢᠭᠡᠮ ᠲᠣᠭᠤᠷᠢᠭ ᠤᠨ ᠠᠵᠢᠯᠲᠠᠳ ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ ᠳᠣᠲᠣᠨᠣ ᠦᠢᠯᠡᠴᠢᠯᠡᠭᠡ ᠪᠠᠷ ᠰᠠᠭᠤᠭᠠᠯᠢ ᠠᠷᠠᠳ  ᠯᠤᠭ᠎ᠠ ︽ᠰᠡᠳᠬᠢᠯ ᠢᠶᠠᠨ ᠬᠤᠯᠪᠣᠬᠤ ᠬᠥᠭᠦᠷᠭᠡ︾  ᠶᠢ ᠪᠣᠰᠬᠠᠵᠤ᠂ ᠰᠠᠭᠤᠭᠠᠯᠢ ᠠᠷᠠᠳ ᠭᠡᠷ ᠲᠡᠭᠡᠨ ᠰᠠᠭᠤᠵᠤ ᠪᠠᠶᠢᠭᠠᠳ ᠠᠵᠢᠯ ᠶᠠᠪᠤᠳᠠᠯ ᠢᠶᠠᠨ ᠪᠦᠲᠦᠭᠡᠵᠦ ᠴᠢᠳᠠᠬᠤ ᠪᠣᠯᠣᠭᠰᠠᠨ ᠢᠶᠠᠷ ᠴᠠᠭᠠᠨ ᠰᠠᠷ᠎ᠠ ᠶᠢᠨ ᠪᠠᠶᠠᠷ ᠳᠤᠷᠠᠰᠬᠠᠯ  ᠢᠶᠠᠨ ᠪᠠᠶᠠᠷ ᠬᠥᠷ ᠲᠠᠢ ᠪᠡᠯᠭᠡᠯᠡᠨ᠎ᠡ᠃     ᠪᠠᠶᠠᠷ ᠬᠥᠷ ᠲᠠᠢ ᠴᠠᠭ ᠮᠥᠴᠡ ᠳᠤ ᠠᠮᠤᠷ ᠲᠦᠪᠰᠢᠨ ᠤ ᠠᠰᠠᠭᠤᠳᠠᠯ ᠢ ᠶᠠᠭᠠᠬᠢᠭᠰᠠᠨ ᠴᠤ ᠣᠮᠲᠣᠭᠠᠶᠢᠯᠠᠵᠤ ᠪᠣᠯᠬᠤ ᠦᠭᠡᠢ᠃ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠪᠠᠯᠭᠠᠰᠤᠨ ᠤ ᠨᠡᠶᠢᠭᠡᠮ ᠲᠣᠭᠤᠷᠢᠭ ᠤᠨ ᠠᠵᠢᠯᠲᠠᠨ ᠦ᠋ ᠶᠦᠨ ᠬᠤᠲᠠ ᠲᠣᠭᠤᠷᠢᠭ ᠤᠨ ᠢᠶᠠᠨ ᠬᠠᠷᠢᠶᠠᠨ ᠳᠠᠬᠢ ᠡᠯ᠎ᠡ ᠵᠦᠢᠯ ᠤᠨ ᠲᠤᠨᠤᠭ ᠲᠥᠬᠦᠭᠡᠷᠦᠮᠵᠢ ᠶᠢ ᠨᠠᠷᠢᠨ ᠨᠢᠮᠪᠠᠢ ᠪᠠᠶᠢᠴᠠᠭᠠᠬᠤ ᠳᠠᠭᠠᠨ᠄ ︽ᠴᠠᠭᠠᠨ ᠰᠠᠷ᠎ᠠ ᠶᠢᠨ ᠬᠤᠭᠤᠴᠠᠭᠠᠨ ᠳᠤ ᠰᠣᠨᠣᠷ ᠰᠡᠷᠡᠮᠵᠢ ᠪᠠᠨ ᠨᠡᠩ ᠳᠡᠭᠡᠭᠰᠢᠯᠡᠭᠦᠯᠬᠦ ᠬᠡᠷᠡᠭᠲᠡᠢ᠂ ᠶᠠᠮᠠᠷ ᠴᠤ ᠠᠯᠳᠠᠭ᠎ᠠ ᠪᠤᠷᠤᠭᠤ ᠭᠠᠷᠭᠠᠵᠤ ᠪᠣᠯᠬᠤ ᠦᠭᠡᠢ᠂ ᠰᠠᠭᠤᠭᠠᠯᠢ ᠠᠷᠠᠳ ᠢ ᠰᠠᠨᠠᠭ᠎ᠠ ᠠᠮᠤᠷ ᠰᠢᠨᠡᠯᠡᠭᠦᠯᠬᠦ ᠪᠣᠯ ᠮᠠᠨ ᠤ ᠬᠠᠷᠢᠭᠤᠴᠠᠯᠭ᠎ᠠ ᠮᠥᠨ᠃ ᠮᠠᠨ ᠤ ᠨᠡᠶᠢᠭᠡᠮ ᠲᠣᠭᠤᠷᠢᠭ ᠲᠤ ᠬᠠᠭᠤᠴᠢᠨ ᠰᠠᠭᠤᠭᠠᠯᠢ ᠲᠣᠭᠤᠷᠢᠭ ᠣᠯᠠᠨ ᠪᠠᠶᠢᠵᠤ᠂ ᠤᠰᠤ ᠪᠠ ᠳᠤᠯᠠᠭᠠᠯᠠᠭ᠎ᠠ ᠶᠢᠨ ᠬᠤᠭᠤᠯᠠᠢ ᠬᠠᠭᠤᠴᠢᠷᠠᠬᠤ ᠠᠰᠠᠭᠤᠳᠠᠯ ᠪᠠᠶᠢᠨ ᠳᠠᠬᠢᠨ ᠭᠠᠷᠴᠤ ᠪᠠᠶᠢᠳᠠᠭ ᠪᠣᠯᠬᠤᠷ ᠠᠰᠠᠭᠤᠳᠠᠯ ᠢ ᠤᠷᠢᠳᠴᠢᠯᠠᠨ ᠪᠠᠶᠢᠴᠠᠭᠠᠬᠤ ᠦᠭᠡᠢ ᠪᠣᠯ ᠴᠠᠭᠠᠨ ᠰᠠᠷ᠎ᠠ  ᠶᠢᠨ ᠬᠤᠭᠤᠴᠠᠭᠠᠨ ᠳᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠮᠤᠷ ᠲᠦᠪᠰᠢᠨ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠪᠣᠯᠣᠨ᠎ᠠ᠂ ᠡᠶᠢᠮᠦ ᠠᠴᠠ ᠴᠠᠭᠠᠨ ᠰᠠᠷ᠎ᠠ ᠠᠴᠠ ᠡᠮᠦᠨᠡᠬᠡᠨ ᠪᠢᠳᠡ ᠨᠡᠶᠢᠭᠡᠮ ᠲᠣᠭᠤᠷᠢᠭ ᠤᠨ ᠵᠠᠰᠠᠯᠲᠠ ᠶᠢᠨ ᠭᠤᠣᠯᠳᠠᠯᠭ᠎ᠠ ᠪᠠ ᠬᠦᠴᠢᠷ ᠠᠰᠠᠭᠤᠳᠠᠯ ᠳᠤ ᠴᠢᠭᠯᠡᠭᠦᠯᠦᠨ ᠪᠠᠶᠢᠴᠠᠭᠠᠨ ᠰᠢᠢᠳᠪᠦᠷᠢᠯᠡᠬᠦ ᠪᠠᠨ ᠴᠢᠩᠭᠠᠳᠬᠠᠵᠠᠢ︾ ᠭᠡᠵᠦ ᠶᠠᠷᠢᠯ᠎ᠠ᠃ ᠦ᠋ ᠶᠦᠨ ᠨᠢᠭᠡ ᠲᠠᠯ᠎ᠠ ᠪᠠᠷ ᠡᠷᠦᠭᠡ ᠳᠤ ᠬᠦᠷᠴᠦ ᠳᠠᠷᠠᠭᠠᠯᠠᠨ ᠪᠠᠶᠢᠴᠠᠭᠠᠵᠤ᠂ ᠨᠡᠶᠢᠭᠡᠮ ᠲᠣᠭᠤᠷᠢᠭ ᠤᠨ ᠠᠵᠢᠯᠲᠠᠳ ᠭᠠᠯ ᠤᠨᠲᠠᠷᠠᠭᠠᠬᠤ ᠲᠥᠬᠦᠭᠡᠷᠦᠮᠵᠢ᠂ ᠴᠠᠬᠢᠯᠭᠠᠨ ᠬᠡᠯᠬᠢᠶ᠎ᠡ ᠶᠢᠨ ᠠᠮᠤᠷ ᠲᠦᠪᠰᠢᠨ ᠢ ᠨᠠᠷᠢᠨ ᠬᠢᠨᠠᠮᠠᠭᠠᠢ ᠪᠠᠶᠢᠴᠠᠭᠠᠵᠤ᠂ ᠭᠠᠯ ᠴᠠᠬᠢᠯᠭᠠᠨ ᠤ ᠠᠮᠤᠷ ᠲᠦᠪᠰᠢᠨ ᠢ ᠠᠩᠬᠠᠷᠬᠤ ᠬᠡᠷᠡᠭᠲᠡᠢ ᠭᠡᠵᠦ ᠰᠠᠭᠤᠭᠠᠯᠢ ᠠᠷᠠᠳ ᠲᠤ ᠰᠠᠨᠠᠭᠤᠯᠵᠠᠢ᠃    ᠨᠡᠶᠢᠭᠡᠮ ᠲᠣᠭᠤᠷᠢᠭ ᠤᠨ ᠠᠵᠢᠯᠲᠠᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠶᠢ ᠬᠠᠷᠠᠭᠠᠳ ᠰᠠᠭᠤᠭᠠᠯᠢ ᠠᠷᠠᠳ ᠰᠡᠳᠬᠢᠯ ᠬᠥᠳᠡᠯᠦᠨ᠎ᠡ᠃ ᠰᠠᠭᠤᠭᠠᠯᠢ ᠠᠷᠠᠳ ᠸᠠᠩ ᠡᠪᠦᠭᠡ᠄ ︽ᠵᠢᠯ ᠴᠠᠭᠠᠨ ᠰᠠᠷ᠎ᠠ ᠪᠣᠯᠵᠤ ᠣᠯᠠᠨ ᠢᠶᠠᠷ ᠢᠶᠠᠨ ᠭᠡᠷ ᠤᠨ ᠬᠥᠮᠥᠰ ᠲᠠᠢ ᠪᠠᠨ ᠠᠭᠤᠯᠵᠠᠬᠤ ᠶᠢ ᠬᠦᠰᠡᠵᠦ ᠪᠠᠶᠢᠨ᠎ᠠ᠂ ᠭᠡᠲᠡᠯ᠎ᠡ ᠲᠠᠳᠠ ᠪᠢᠳᠡᠨ ᠤ ᠰᠠᠶᠢᠨ ᠰᠠᠶᠢᠬᠠᠨ ᠰᠢᠨᠡᠯᠡᠬᠦ ᠶᠢ ᠪᠠᠲᠤᠯᠬᠠᠤ ᠶᠢᠨ ᠲᠥᠯᠥᠭᠡ᠂ ᠢᠩᠭᠢᠵᠦ ᠶᠠᠭᠠᠷᠠᠬᠤ ᠨᠢ ᠦᠨᠡᠬᠡᠷ ᠠᠮᠠᠷ ᠦᠭᠡᠢ︾ ᠭᠡᠵᠦ ᠪᠠᠶᠢᠯ᠎ᠠ᠃ ᠨᠡᠶᠢᠭᠡᠮ ᠲᠣᠭᠤᠷᠢᠭ ᠤᠨ ᠠᠵᠢᠯᠲᠠᠳ ᠨᠢᠭᠡ ᠡᠳᠦᠷ ᠤᠨ ᠠᠵᠢᠯ ᠢᠶᠠᠨ ᠳᠠᠭᠤᠰᠬᠠᠭᠠᠳ᠂ ᠬᠡᠳᠦᠶᠢᠪᠡᠷ ᠶᠠᠳᠠᠷᠠᠵᠤ ᠵᠦᠳᠡᠷᠡᠭᠰᠡᠨ ᠪᠣᠯᠪᠠᠴᠤ ᠴᠢᠷᠠᠢ ᠳᠤᠨᠢ ᠬᠠᠷᠢᠨ ᠰᠡᠳᠬᠢᠯ ᠬᠠᠨᠤᠭᠰᠠᠨ ᠢᠨᠢᠶᠡᠮᠰᠦᠭᠯᠡᠯ ᠪᠢᠯᠬᠠᠵᠤ ᠪᠠᠶᠢᠯ᠎ᠠ᠃ ᠲᠠᠳᠠ ᠥᠪᠡᠷ ᠤᠨ ᠪᠠᠲᠤ ᠪᠠᠷᠢᠮᠲᠠᠯᠠᠯ ᠪᠠ ᠴᠢᠷᠮᠠᠶᠢᠯᠭ᠎ᠠ ᠪᠠᠷ ᠢᠶᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠣᠯ ᠵᠢᠷᠭᠠᠯ ᠪᠠ ᠠᠮᠤᠷ ᠠᠮᠤᠭᠤᠯᠠᠩ ᠢ ᠪᠠᠲᠤᠯᠠᠵᠤ᠂ ᠴᠠᠭᠠᠨ ᠰᠠᠷ᠎ᠠ ᠳᠤ ᠦᠩᠭᠡ ᠨᠡᠮᠡᠯ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号