ᠶᠣᠣ ᠬᠤᠩ ᠭᠠᠩ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠵᠢᠴᠢ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/6
   2 ᠰᠠᠷ᠎ᠠ ᠶᠢᠨ 5 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠵᠢᠴᠢ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ 2025 ᠣᠨ ᠤ ᠨᠢᠭᠡᠳᠦᠭᠡᠷ ᠤᠯᠠᠷᠢᠯ ᠤᠨ ᠭᠤᠣᠯᠳᠠᠯᠭ᠎ᠠ ᠲᠠᠢ ᠠᠵᠢᠯ ᠤᠨ ᠲᠥᠯᠥᠪᠯᠡᠭᠡ ᠪᠠ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠤᠳᠤᠷᠢᠳᠤᠯᠭ᠎ᠠ ᠬᠠᠢ ᠱᠠᠨ᠂ ᠵᠣᠣ ᠭᠦᠸᠧ ᠳ᠋ᠦᠩ᠂ ᠬᠠᠮᠢᠶ᠎ᠠ ᠪᠦᠬᠦᠢ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠬᠤᠷᠠᠯ ᠳᠤ᠂ ᠬᠤᠰᠢᠭᠤ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ 2025 ᠣᠨ ᠤ 1 ᠰᠠᠷ᠎ᠠ ᠪᠠ ᠨᠢᠭᠡᠳᠦᠭᠡᠷ ᠤᠯᠠᠷᠢᠯ ᠤᠨ ᠭᠤᠣᠯᠳᠠᠯᠭ᠎ᠠ ᠲᠠᠢ ᠠᠵᠢᠯ ᠤᠨ ᠲᠥᠯᠥᠪᠯᠡᠭᠡ ᠪᠠ ᠪᠡᠶᠡᠯᠡᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠳ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠬᠤᠯᠪᠣᠭᠳᠠᠬᠤ ᠠᠵᠢᠯ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠤᠨ ᠲᠣᠭᠤᠷᠢᠨ ᠳᠤ ᠲᠣᠰ ᠲᠤᠰ ᠤᠨ ᠬᠦᠷᠢᠶ᠎ᠡ ᠬᠡᠪᠴᠢᠶᠡᠨ ᠤ ᠪᠠᠨ ᠠᠬᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃    ᠶᠣᠣ ᠬᠤᠩ ᠭᠠᠩ ᠴᠢᠬᠤᠯᠠᠴᠢᠯᠠᠭᠰᠠᠨ ᠨᠢ᠂ ᠰᠢᠨ᠎ᠡ ᠵᠢᠯ ᠤᠨ ᠡᠬᠢᠨ ᠳᠤ᠂ ᠡᠯ᠎ᠡ ᠬᠤᠯᠪᠣᠭᠳᠠᠯ ᠪᠦᠬᠦᠢ ᠰᠤᠮᠤ ᠪᠠᠯᠭᠠᠰᠤ᠂ ᠰᠠᠯᠠᠭ᠎ᠠ ᠮᠥᠴᠢᠷ ᠨᠢ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠲᠤᠰ ᠤᠯᠠᠷᠢᠯ ᠵᠢᠴᠢ ᠪᠦᠬᠦ ᠵᠢᠯ ᠤᠨ ᠠᠵᠤ ᠠᠬᠤᠢ ᠶᠢᠨ ᠠᠵᠢᠯ ᠢ ᠤᠷᠢᠳᠴᠢᠯᠠᠨ ᠲᠥᠯᠥᠪᠵᠢᠭᠦᠯᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠨ᠂ ᠠᠵᠢᠯ ᠤᠨ ᠭᠤᠣᠯᠳᠠᠯᠭ᠎ᠠ ᠪᠠᠨ ᠡᠵᠡᠮᠳᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ᠂ ᠨᠢᠭᠡᠳᠦᠭᠡᠷ ᠤᠯᠠᠷᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠨᠢᠭᠡᠳᠦᠭᠡᠷ ᠤᠯᠠᠷᠢᠯ ᠢ ︽ᠰᠠᠶᠢᠨ ᠡᠬᠢᠯᠡᠯᠲᠡ ᠲᠠᠢ᠂ ᠯᠠᠪᠳᠠᠭᠤᠨ ᠠᠬᠢᠴᠠ  ᠲᠠᠢ︾ ᠪᠣᠯᠭᠠᠬᠤ ᠪᠠᠷ ᠬᠦᠴᠦᠯᠡᠨ ᠴᠢᠷᠮᠠᠶᠢᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃    ᠶᠣᠣ ᠬᠤᠩ ᠭᠠᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠨᠢ ᠦᠵᠡᠯ ᠰᠠᠨᠠᠭ᠎ᠠ ᠪᠠᠨ ᠨᠢᠭᠡᠳᠬᠡᠬᠦ ᠬᠡᠷᠡᠭᠲᠡᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠳᠡᠭᠡᠳᠦ ᠱᠠᠲᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠢᠨᠠᠮᠠᠭᠠᠢ ᠰᠤᠷᠤᠯᠴᠠᠨ ᠰᠤᠳᠤᠯᠵᠤ ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠨ᠂ ᠠᠵᠤ ᠠᠬᠤᠢ ᠶᠢᠨ ᠲᠤᠭ᠎ᠠ ᠪᠠᠷᠢᠮᠲᠠ ᠶᠢ ᠵᠠᠳᠠᠯᠬᠤ᠂ ᠳᠡᠭᠡᠭᠰᠢ ᠮᠡᠳᠡᠭᠦᠯᠬᠦ ᠪᠠ ᠪᠦᠷᠢᠳᠬᠡᠬᠦ ᠠᠵᠢᠯ ᠢ ᠰᠠᠶᠢᠲᠤᠷ ᠬᠢᠵᠦ᠂ ᠲᠤᠭ᠎ᠠ ᠪᠠᠷᠢᠮᠲᠠ  ᠶᠢᠨ ᠣᠨᠣᠪᠴᠢᠲᠤ ᠴᠢᠨᠠᠷ ᠪᠠ ᠴᠠᠭᠲᠤ ᠴᠢᠨᠠᠷ ᠢ ᠦᠨᠡᠨᠬᠦ ᠪᠠᠲᠤᠯᠠᠵᠤ᠂ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠠᠯᠤᠰ ᠬᠡᠲᠦ ᠶᠢᠨ ᠴᠢᠨᠠᠷ᠂ ᠰᠠᠨᠠᠭᠠᠴᠢᠯᠠᠭᠠᠲᠤ ᠴᠢᠨᠠᠷ ᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢ ᠠᠵᠤ ᠠᠬᠤᠢ ᠶᠢᠨ ᠠᠵᠢᠯᠯᠠᠭ᠎ᠠ ᠪᠠ ᠭᠤᠣᠯᠳᠠᠯᠭ᠎ᠠ ᠲᠠᠢ ᠲᠦᠷᠦᠯ ᠵᠦᠢᠯ ᠢ ᠬᠢᠨᠠᠨ ᠬᠡᠮᠵᠢᠬᠦ ᠪᠠ ᠲᠣᠬᠢᠷᠠᠭᠤᠯᠬᠤ ᠠᠵᠢᠯ ᠢ ᠦᠷᠭᠦᠯᠵᠢᠯᠡᠨ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠢ ᠭᠤᠶᠤᠴᠢᠯᠠᠬᠤ᠂ ᠬᠢᠨᠠᠨ ᠵᠥᠪᠰᠢᠶᠡᠷᠡᠬᠦ ᠪᠠ ᠵᠣᠬᠢᠴᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠲᠦᠷᠭᠡᠳᠬᠡᠨ ᠠᠬᠢᠭᠤᠯᠵᠤ᠂ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠤᠨ ᠲᠥᠯᠥᠪᠯᠡᠭᠡ ᠶᠣᠰᠣᠭᠠᠷ᠂ 4 ᠰᠠᠷ᠎ᠠ ᠶᠢᠨ ᠳᠤᠮᠳᠠᠴᠢ ᠪᠠᠷ ᠭᠠᠷᠳᠠᠮ ᠢᠶᠠᠨ ᠪᠡᠶᠡᠯᠡᠭᠦᠯᠦᠨ ᠠᠵᠢᠯ ᠰᠡᠷᠭᠦᠭᠡᠬᠦ ᠶᠢ ᠪᠠᠲᠤᠯᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠣᠭᠲᠠᠭᠰᠠᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠲᠣᠭᠤᠷᠢᠨ ᠳᠤ᠂ ᠨᠠᠩ ᠣᠯᠠᠨ ᠪᠣᠳᠠᠲᠤ ᠬᠦᠴᠦᠨ ᠲᠠᠢ ᠰᠢᠨ᠎ᠡ ᠠᠵᠤ ᠠᠬᠤᠶᠢᠯᠠᠯ ᠪᠠ ᠥᠰᠦᠯᠲᠡ ᠶᠢᠨ ᠴᠢᠨᠠᠷ ᠢᠶᠠᠷ ᠥᠨᠳᠥᠷ ᠠᠵᠤ ᠦᠢᠯᠡᠰ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠮᠠᠨ ᠤ ᠬᠤᠰᠢᠭᠤᠨ ᠤ ᠠᠵᠤ ᠠᠬᠤᠢ  ᠶᠢᠨ ᠬᠥᠭᠵᠢᠯᠲᠡ ᠳᠤ ᠲᠠᠰᠤᠷᠠᠯᠲᠠ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号