ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 5 ᠤ ᠡᠳᠦᠷ ᠲᠥᠷᠥ ᠶᠢᠨ ᠶᠠᠪᠤᠳᠠᠯ ᠤᠨ | ᠬᠤᠷᠢᠶᠠᠨ ᠤ ᠳᠣᠯᠣᠳᠤᠭᠠᠷ ᠪᠦᠭᠦᠳᠡ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ ᠪᠠᠶᠢᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ | ᠶᠠᠷᠢᠯᠴᠠᠭᠰᠠᠨ ᠪᠥᠭᠡᠳ ᠵᠢᠯ ᠤᠨ ᠡᠬᠢᠨ ᠤ ᠠᠵᠢᠯ ᠢ ᠰᠠᠶᠢᠲᠤᠷ ᠬᠢᠬᠦ ᠲᠤᠬᠠᠢ ᠳᠠᠶᠢᠴᠢᠯᠠᠪᠠ᠃ | ᠯᠢ ᠴᠢᠶᠠᠩ ᠵᠢᠭᠠᠵᠤ ᠭᠠᠷᠭᠠᠭᠰᠠᠨ ᠨᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠠᠵᠢᠯ ᠢᠶᠠᠨ ᠮᠡᠳᠡᠭᠦᠯᠬᠦ ᠪᠣᠯ ᠪᠥᠬᠦ ᠤᠯᠤᠰ ᠤᠨ ᠠᠷᠠᠳ ᠲᠦᠮᠡᠨ ᠠᠴᠠ ᠵᠠᠰᠠᠭ ᠤᠨ ᠣᠷᠳᠣᠨ ᠤ ᠠᠵᠢᠯ ᠢ ᠬᠢᠨᠠᠨ | ᠰᠢᠯᠭᠠᠬᠤ ᠶᠢ ᠬᠦᠯᠢᠶᠡᠬᠦ ᠶᠠᠪᠤᠳᠠᠯ ᠪᠣᠯᠣᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠭᠦᠷᠭᠡᠯᠡᠵᠦ ᠪᠦᠬᠦᠢ ᠬᠠᠤᠯᠢ ᠪᠠᠷ | ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠣᠯᠣᠨ᠎ᠠ᠃ ᠨᠢᠭᠡ ᠬᠤᠪᠢ ᠴᠢᠨᠠᠷ ᠰᠠᠶᠢᠲᠠᠢ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠢ ᠪᠦᠷᠢᠯᠳᠦᠭᠦᠯᠬᠦ ᠨᠢ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠢᠲᠡᠭᠡᠯ ᠵᠣᠷᠢᠭ ᠢ ᠬᠥᠪᠴᠢᠯᠡᠨ᠂ | ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠭᠦᠨᠵᠡᠭᠡᠢ ᠲᠤᠭᠤᠰᠢᠯᠠᠭᠤᠯᠵᠤ᠂ ᠤᠯᠠᠨ ᠲᠦᠮᠡᠨ ᠤ ᠬᠦᠰᠡᠵᠦ ᠪᠠᠶᠢᠭ᠎ᠠ ᠪᠠ ᠨᠡᠶᠢᠭᠡᠮ ᠤᠨ ᠠᠩᠬᠠᠷᠴᠤ ᠪᠠᠶᠢᠭ᠎ᠠ | ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠶᠢ | ᠭᠦᠢᠴᠡᠳ ᠢᠯᠡᠷᠡᠭᠦᠯᠦᠨ᠂ ᠢᠯᠡᠳᠬᠡᠯ ᠳᠤ ᠤᠯᠠᠮ ᠨᠢᠭᠡ ᠠᠯᠬᠤᠮ ᠰᠠᠶᠢᠲᠤᠷ ᠵᠠᠰᠠᠪᠤᠷᠢ ᠣᠷᠣᠭᠤᠯᠬᠤ ᠬᠡᠷᠡᠭᠲᠡᠢ᠃ | | | 2 ᠳ᠋ᠤᠭᠠᠷ ᠰᠠᠷ᠎ᠠ ᠶᠢᠨ 5 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ | ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠥᠬᠦᠳᠡ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠠᠷᠪᠠᠨ | ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ ᠪᠠᠶᠢᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ | ᠶᠠᠷᠢᠯᠴᠠᠭᠰᠠᠨ ᠪᠥᠭᠡᠳ ᠵᠢᠯ ᠤᠨ ᠡᠬᠢᠨ ᠤ ᠠᠵᠢᠯ ᠢ ᠰᠠᠶᠢᠲᠤᠷ ᠬᠢᠬᠦ ᠲᠤᠬᠠᠢ ᠳᠠᠶᠢᠴᠢᠯᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | | ᠯᠢ ᠴᠢᠶᠠᠩ ᠵᠢᠭᠠᠵᠤ ᠭᠠᠷᠭᠠᠭᠰᠠᠨ ᠨᠢ᠂ ᠰᠢᠨ᠎ᠡ ᠨᠢᠭᠡ ᠵᠢᠯ ᠳᠤ᠂ ᠰᠢᠨ᠎ᠡ ᠪᠠᠶᠢᠳᠠᠯ ᠪᠠ ᠡᠭᠦᠷᠭᠡ ᠶᠢᠨ ᠡᠮᠦᠨ᠎ᠡ᠂ | ᠨᠠᠮ ᠤᠨ ᠲᠥᠪ ᠬᠤᠷᠢᠶᠠᠨ ᠤ ᠦᠨᠳᠦᠰᠦᠨ ᠪᠣᠳᠣᠯᠭ᠎ᠠ ᠴᠢᠭᠯᠡᠯᠲᠡ᠂ ᠪᠠᠶᠢᠯᠳᠤᠬᠤ ᠪᠣᠳᠣᠯᠭ᠎ᠠ ᠪᠠᠶᠢᠷᠢᠯᠠᠭᠤᠯᠤᠯᠲᠠ ᠨᠢᠭᠡᠨᠲᠡ | ᠮᠠᠰᠢ ᠲᠣᠳᠣᠷᠬᠠᠢ ᠪᠣᠯᠵᠠᠢ᠂ ᠨᠠᠶᠢᠳᠠᠪᠤᠷᠢᠵᠢᠭᠤᠯᠤᠯᠲᠠ ᠶᠢ ᠰᠢᠰᠲ᠋ᠧᠮᠵᠢᠭᠦᠯᠦᠨ ᠪᠦᠲᠦᠭᠡᠯᠴᠢ ᠪᠠᠷ ᠰᠠᠶᠢᠲᠤᠷ ᠠᠳᠬᠤᠬᠤ | ᠬᠡᠷᠡᠭᠲᠡᠢ᠃ ᠪᠦᠬᠦᠯᠢ ᠴᠣᠭᠴᠠ ᠶᠢᠨ ᠡᠵᠡᠮᠳᠡᠯ ᠢ ᠴᠢᠬᠤᠯᠠᠴᠢᠯᠠᠵᠤ᠂ ᠤᠯᠤᠰ ᠤᠨ ᠳᠣᠲᠣᠭᠠᠳᠤ ᠪᠠ ᠤᠯᠤᠰ ᠤᠨ ᠭᠠᠳᠠᠭᠠᠳᠤ᠂ | ᠣᠳᠣᠬᠠᠨ ᠪᠠ ᠠᠯᠤᠰ ᠬᠡᠳᠦ᠂ ᠬᠤᠷᠸ᠎ᠠ ᠪᠠ ᠪᠢᠴᠢᠯ᠂ ᠬᠥᠭᠵᠢᠯᠲᠡ ᠪᠠ ᠠᠮᠤᠷ ᠲᠦᠪᠰᠢᠨ ᠵᠡᠷᠭᠡ ᠶᠢᠨ ᠬᠠᠷᠢᠴᠠᠭ᠎ᠠ ᠶᠢ | ᠰᠠᠶᠢᠲᠤᠷ ᠨᠢᠭᠡᠳᠦᠯᠲᠡᠢ ᠲᠥᠯᠥᠪᠵᠢᠭᠦᠯᠦᠨ᠂ ᠤᠯᠠᠨ ᠳᠠᠪᠬᠤᠷ ᠬᠠᠷᠠᠯᠲᠠ ᠶᠢᠨ ᠳᠣᠣᠷᠠᠬᠢ ᠡᠯ᠎ᠡ ᠲᠠᠯ᠎ᠠ ᠶᠢᠨ ᠠᠵᠢᠯ ᠤᠨ | ᠥᠨᠳᠥᠷ ᠪᠦᠲᠦᠮᠵᠢᠲᠡᠢ ᠬᠠᠮᠵᠢᠯᠴᠠᠭ᠎ᠠ ᠶᠢ ᠦᠨᠡᠨ ᠬᠦ ᠴᠢᠩᠭᠠᠳᠬᠠᠬᠤ ᠶᠢᠨ ᠬᠠᠮᠲᠤ ᠪᠠᠰᠠ ᠰᠢᠪᠲᠤᠯᠤᠯᠲᠠ ᠬᠢᠬᠦ ᠶᠢ | ᠡᠷᠢᠯᠬᠢᠯᠡᠵᠦ᠂ ᠳᠠᠯᠳᠠ ᠬᠦᠴᠦᠨ ᠢᠶᠠᠷ ᠭᠦᠢᠴᠡᠳ᠂ ᠣᠷᠣᠨ ᠵᠠᠢ ᠪᠠᠷ ᠶᠡᠭᠡ ᠬᠥᠭᠵᠢᠯᠲᠡ ᠶᠢᠨ ᠬᠦᠷᠢᠶ᠎ᠡ ᠴᠠᠷᠠᠭ᠎ᠠ ᠶᠢ | ᠣᠨᠣᠪᠴᠢᠲᠠᠢ ᠡᠷᠢᠵᠦ᠂ ᠬᠥᠲᠥᠯᠥᠨ ᠳᠠᠭᠠᠭᠤᠯᠬᠤ ᠴᠢᠨᠠᠷ ᠢᠶᠠᠷ ᠴᠢᠩᠭ᠎ᠠ᠂ ᠬᠥᠰᠢᠭᠦᠷᠭᠡᠲᠦ ᠴᠢᠨᠠᠷ ᠢᠶᠠᠷ ᠴᠢᠩᠭ᠎ᠠ ᠠᠵᠢᠯ ᠤᠨ | ᠭᠠᠷᠳᠠᠴᠠ ᠶᠢ ᠰᠠᠶᠢᠲᠤᠷ ᠰᠦᠪᠡᠭᠴᠢᠯᠡᠨ᠂ ᠪᠦᠬᠦ ᠲᠠᠯ᠎ᠠ ᠶᠢ ᠲᠠᠶᠢᠴᠢᠯᠠᠵᠤ ᠳᠡᠶᠢᠯᠬᠦ ᠨᠡᠩ ᠤᠯᠠᠨ ᠲᠣᠪᠣᠶᠢᠮ᠎ᠠ ᠬᠢᠯᠠᠰ ᠴᠡᠭ ᠢ | ᠪᠤᠢ ᠪᠣᠯᠭᠠᠬᠤ ᠬᠡᠷᠡᠭᠲᠡᠢ᠃ ᠠᠵᠢᠯ ᠤᠨ ᠦᠢᠯᠡᠳᠦᠯᠭᠡ ᠳᠤᠮᠳᠠ ᠪᠠᠨ ᠰᠦᠪᠡᠭᠴᠢᠯᠡᠨ ᠪᠦᠷᠢᠯᠳᠦᠭᠦᠯᠦᠭᠰᠡᠨ ᠲᠤᠷᠰᠢᠯᠭ᠎ᠠ ᠠᠷᠭ᠎ᠠ | ᠬᠢᠳᠡᠯ ᠢᠶᠠᠨ ᠨᠠᠷᠢᠨ ᠬᠢᠨᠠᠮᠠᠭᠠᠢ ᠳ᠋ᠦᠩᠨᠡᠬᠦ ᠪᠠ ᠪᠠᠶᠠᠯᠢᠭᠵᠢᠭᠤᠯᠤᠨ ᠥᠷᠭᠡᠳᠬᠡᠵᠦ᠂ ᠬᠥᠭᠵᠢᠯᠲᠡ ᠶᠢᠨ ᠬᠠᠷᠠᠯᠲᠠ ᠪᠠᠨ | ᠲᠣᠭᠲᠠᠭᠠᠨ᠂ ᠴᠠᠭ ᠪᠠ ᠪᠠᠶᠢᠳᠠᠯ ᠢ ᠦᠨᠳᠦᠰᠦᠯᠡᠨ ᠰᠥᠷᠭᠡᠦ ᠦᠶᠡᠯᠡᠯ ᠤᠨ ᠬᠤᠭᠤᠴᠠᠭᠠᠨ ᠳᠠᠬᠢ ᠲᠣᠬᠢᠷᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ | ᠪᠠᠶᠠᠯᠢᠭ ᠢ ᠨᠡᠶᠢᠳᠬᠡᠬᠦ ᠳᠤ ᠲᠥᠪᠯᠡᠷᠡᠭᠦᠯᠦᠨ ᠬᠦᠴᠦᠯᠡᠵᠦ᠂ ᠠᠳᠠᠯᠢ ᠴᠢᠭᠯᠡᠯ ᠢᠶᠠᠷ ᠬᠦᠴᠦᠯᠡᠨ᠎ᠡ︔ ᠡᠩ ᠤᠨ ᠵᠤᠷᠰᠢᠯ ᠢ | ᠵᠣᠷᠢᠭᠲᠠᠢ ᠪᠠᠷ ᠡᠪᠳᠡᠨ᠂ ᠮᠡᠳᠡᠷᠡᠵᠦ ᠬᠦᠷᠲᠡᠬᠦ᠋ᠢᠴᠡ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ | ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠬᠢᠭᠡᠳ ᠵᠠᠬ᠎ᠠ | ᠳᠡᠯᠭᠡᠭᠦᠷ ᠤᠨ ᠦᠢᠯᠡᠳᠦᠯᠴᠡᠯ ᠢ ᠴᠢᠩᠭᠠᠳᠬᠠᠨ᠎ᠠ᠃ | ᠯᠢ ᠴᠢᠶᠠᠩ᠂ ᠨᠠᠩ ᠴᠢᠩᠭ᠎ᠠ ᠡᠭᠦᠷᠭᠡᠯᠡᠯ᠂ ᠨᠠᠩ ᠢᠳᠡᠪᠬᠢᠲᠡᠢ ᠴᠢᠷᠮᠠᠶᠢᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠲᠠᠨᠢᠨ | ᠬᠠᠮᠲᠤ ᠪᠠᠷ ᠤᠷᠤᠭᠰᠢᠯᠠᠵᠤ᠂ ᠭᠠᠳᠠᠭᠠᠳᠤ ᠪᠠᠶᠢᠳᠠᠯ ᠤᠨ ᠬᠤᠪᠢᠷᠠᠯᠲᠠ ᠳᠤ ᠪᠤᠰᠤᠳᠴᠢ ᠬᠤᠪᠢᠰᠤᠩᠭᠤᠢ ᠪᠠᠷ ᠬᠠᠨᠳᠤᠵᠤ᠂ | ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠪᠠ ᠭᠠᠳᠠᠭᠠᠳᠤ ᠶᠢᠨ ᠥᠷᠢᠰᠦᠯᠳᠦᠭᠡᠨ ᠢ | ᠠᠷᠭᠠᠴᠠᠭᠠᠬᠤ ᠶᠢ ᠨᠢᠭᠡᠳᠦᠯᠲᠡᠢ ᠲᠥᠯᠥᠪᠵᠢᠭᠦᠯᠦᠨ᠂ ᠳᠠᠷᠤᠯᠲᠠ ᠶᠢ ᠬᠥᠳᠡᠯᠭᠡᠭᠴᠢ ᠬᠦᠴᠦᠨ ᠪᠣᠯᠭᠠᠨ | ᠬᠤᠪᠢᠷᠠᠭᠤᠯᠬᠤ ᠳᠤ ᠪᠠᠨ ᠴᠢᠳᠠᠮᠠᠭᠠᠢ ᠪᠠᠶᠢᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠠᠬᠢᠭᠤᠯᠬᠤ᠂ ᠠᠵᠤ ᠦᠢᠯᠡᠰ ᠤᠨ ᠲᠡᠰ ᠳᠡᠪᠰᠢᠭᠦᠯᠬᠦ ᠶᠢ ᠠᠬᠢᠭᠤᠯᠬᠤ ᠵᠡᠷᠭᠡ ᠭᠤᠣᠯᠳᠠᠯᠭ᠎ᠠ ᠪᠣᠯᠬᠤ | ᠬᠦᠷᠢᠶᠡᠨ ᠳᠤ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢᠨ ᠬᠠᠮᠲᠤ ᠠᠯᠤᠰ ᠢ ᠪᠣᠳᠣᠯᠬᠢᠯᠠᠨ ᠮᠠᠨ ᠤ ᠤᠯᠤᠰ ᠤᠨ | ᠬᠥᠭᠵᠢᠯᠲᠡ ᠶᠢᠨ ᠰᠢᠨ᠎ᠡ ᠳᠠᠪᠠᠭᠤᠯᠢᠭ ᠢ ᠡᠭᠦᠳᠬᠦ ᠬᠡᠷᠡᠭᠲᠡᠢ᠃ ᠴᠢᠷᠮᠠᠶᠢᠨ ᠠᠵᠢᠯᠯᠠᠵᠤ᠂ ᠰᠠᠶᠢᠲᠤᠷ ᠬᠢᠵᠦ ᠪᠦᠲᠦᠭᠡᠨ᠂ ᠴᠠᠭ | ᠪᠢᠳᠡᠨ ᠢ ᠬᠦᠯᠢᠶᠡᠬᠦ ᠦᠭᠡᠢ ᠪᠠᠶᠢᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ᠂ ᠰᠢᠨᠵᠢᠯᠡᠬᠦ | ᠤᠬᠠᠭᠠᠨᠴᠢ ᠪᠠᠷ ᠠᠷᠭᠠᠴᠠᠭᠠᠬᠤ ᠳᠤ ᠴᠢᠳᠠᠮᠠᠭᠠᠢ ᠪᠠᠶᠢᠵᠤ᠂ ᠠᠵᠢᠯ ᠤᠨ ᠨᠡᠪᠲᠡᠯᠬᠦ ᠬᠦᠴᠦᠨ ᠢ ᠬᠦᠴᠦᠯᠡᠨ ᠴᠢᠩᠭᠠᠳᠬᠠᠵᠤ᠂ | ᠬᠠᠷᠠᠯᠲᠠ ᠶᠢ ᠲᠣᠳᠣᠷᠬᠠᠢ ᠪᠥᠭᠡᠳ ᠦᠨᠡᠯᠡᠨ ᠵᠢᠱᠢᠬᠦᠶᠢᠴᠡ᠂ ᠲᠦᠷᠦ ᠶᠢᠨ ᠪᠣᠳᠣᠯᠭ᠎ᠠ ᠶᠢ ᠲᠣᠳᠣᠷᠬᠠᠢ ᠪᠥᠭᠡᠳ | ᠬᠡᠷᠡᠭᠵᠢᠭᠦᠯᠬᠦᠶᠢᠴᠡ᠂ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠭᠦᠢᠴᠡᠬᠦ ᠪᠣᠯᠭᠠᠵᠤ᠂ ᠨᠡᠩ ᠤᠯᠠᠨ | ᠤᠶᠤᠨ ᠴᠢᠳᠠᠯ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠪᠣᠳᠠᠲᠠᠢ ᠶᠠᠪᠤᠳᠠᠯ ᠬᠢᠬᠦ ᠳᠤ ᠬᠡᠷᠡᠭᠯᠡᠬᠦ ᠶᠢᠨ ᠬᠠᠮᠲᠤ | ᠬᠡᠷᠡᠭᠵᠢᠭᠦᠯᠬᠦ ᠶᠠᠪᠤᠴᠠ ᠳᠤ ᠪᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠰᠤᠷᠠᠯᠳᠠ ᠦᠭᠡᠢ ᠰᠢᠯᠢᠳᠡᠭᠵᠢᠭᠦᠯᠦᠨ | ᠲᠡᠭᠦᠯᠳᠡᠷᠵᠢᠭᠦᠯᠬᠦ ᠬᠡᠷᠡᠭᠲᠡᠢ᠃ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠵᠠᠬ᠎ᠠ | ᠳᠡᠯᠭᠡᠭᠦᠷ ᠤᠨ ᠤᠬᠠᠮᠰᠠᠷ᠂ ᠬᠠᠤᠯᠢᠵᠢᠯ ᠤᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ᠂ ᠨᠡᠩ ᠶᠡᠭᠡ ᠡᠷᠴᠢᠮ ᠢᠶᠠᠷ ᠡᠵᠡᠩᠨᠡᠨ ᠬᠤᠳᠠᠯᠳᠤᠭᠠᠯᠠᠬᠤ ᠲᠡᠷᠢᠭᠦᠨ ᠤ ᠣᠷᠴᠢᠨ | ᠨᠥᠬᠦᠴᠡᠯ ᠢ ᠪᠤᠢ ᠪᠣᠯᠭᠠᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠨᠡᠩ ᠰᠠᠶᠢᠨ | ᠨᠥᠬᠦᠴᠡᠯ ᠬᠠᠩᠭᠠᠵᠤ᠂ ᠡᠯ᠎ᠡ ᠲᠦᠷᠦᠯ ᠤᠨ ᠴᠢᠳᠠᠪᠤᠷᠢᠲᠠᠨ ᠤ ᠠᠵᠢᠯ ᠬᠢᠵᠦ ᠦᠢᠯᠡᠰ ᠪᠣᠰᠬᠠᠬᠤ ᠳᠤ ᠨᠢ ᠨᠡᠩ ᠤᠯᠠᠨ ᠠᠵᠠ | ᠲᠣᠬᠢᠶᠠᠯ ᠣᠯᠭᠤᠵᠤ᠂ ᠪᠦᠬᠦ ᠨᠡᠶᠢᠭᠡᠮ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯᠳᠤᠭᠠᠨ ᠤ ᠪᠦᠷᠢᠯᠳᠦᠭᠦᠨ ᠭᠡᠰᠢᠭᠦᠳ ᠬᠤᠷᠠᠯ ᠳᠤ | ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃ | |