ᠰᠠᠭᠠᠯᠢ ᠶᠢᠨ ᠦᠨᠦᠷ ᠠᠩᠬᠢᠯᠤᠭᠰᠠᠨ ᠰᠢᠨ᠎ᠡ ᠵᠢᠯ
ᠨᠡᠶᠢᠲᠡᠯᠡᠭᠰᠡᠨ ᠴᠠᠭ᠄
2025/2/7
     ᠰᠢᠨ᠎ᠡ ᠵᠢᠯ ᠴᠠᠭᠠᠨ ᠰᠠᠷ᠎ᠠ ᠪᠠᠷ ᠠᠶᠢᠯ ᠡᠷᠦᠬᠡ ᠪᠣᠯᠭᠠᠨ ᠠᠮᠲᠠᠲᠠᠨ ᠤ ᠳᠡᠭᠡᠵᠢ ᠴᠠᠭᠠᠨ ᠢᠳᠡᠭᠡᠨ ᠢᠶᠠᠷ ᠠᠶᠠᠭ᠎ᠠ ᠲᠠᠪᠠᠭ ᠢᠶᠠᠨ ᠳᠦᠭᠦᠷᠭᠡᠵᠦ᠂ ᠰᠠᠭᠠᠯᠢ ᠰᠦᠨ ᠤ ᠳᠡᠭᠡᠵᠢ ᠪᠠᠨ ᠭᠡᠶᠢᠴᠢᠨ ᠵᠣᠴᠢᠳ ᠲᠠᠭᠠᠨ ᠪᠠᠷᠢᠳᠠᠭ᠃ ᠤᠯᠠᠮᠵᠢᠯᠠᠯᠲᠤ ᠴᠠᠭᠠᠨ ᠢᠳᠡᠭᠡᠨ ᠨᠢ ᠠᠮᠲᠠ ᠰᠢᠮ᠎ᠡ ᠰᠠᠶᠢᠲᠠᠢ᠂ ᠰᠢᠮ᠎ᠡ ᠲᠡᠵᠢᠭᠡᠯ ᠤᠨ ᠠᠭᠤᠯᠤᠭᠳᠠᠴᠠ ᠦᠨᠳᠦᠷ᠂ ᠴᠡᠪᠡᠷ ᠪᠠᠶᠢᠭᠠᠯᠢᠯᠢᠭ ᠴᠢᠨᠠᠷ ᠢᠶᠠᠷ ᠢᠶᠠᠨ ᠬᠦᠮᠦᠰ ᠤᠨ ᠬᠠᠮᠤᠭ ᠠᠴᠠ ᠢᠳᠡᠬᠦ ᠲᠣᠷᠠᠲᠠᠢ ᠢᠳᠡᠭᠡᠨ ᠤᠮᠳᠠᠭᠠᠨ ᠤ ᠨᠢᠭᠡ ᠨᠢ ᠪᠤᠯᠵᠤ ᠴᠠᠭᠠᠨ ᠰᠠᠷ᠎ᠠ ᠪᠠᠷ ᠪᠡᠯᠡᠭ ᠰᠠᠯᠳᠡ ᠪᠤᠯᠭᠠᠨ ᠵᠠᠷᠣᠵᠤ ᠬᠡᠷᠡᠭᠯᠡᠳᠡᠭ ᠬᠦᠮᠦᠰ ᠴᠤ ᠮᠠᠰᠢ ᠤᠯᠠᠨ ᠪᠤᠯᠵᠠᠢ  ᠃
     ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠪᠠᠯᠭᠠᠰᠤᠨ ᠤ ︽ᠪᠠᠶᠢᠭᠠᠯᠢᠯᠢᠭ︾ ᠴᠠᠭᠠᠨ ᠢᠳᠡᠭᠡᠨ ᠤ ᠳᠡᠯᠭᠡᠭᠦᠷ ᠤᠨ ᠡᠵᠡᠨᠲᠡᠨ ᠰᠠᠷᠠᠨᠴᠡᠴᠡᠭ ᠴᠠᠭᠠᠨ ᠰᠠᠷ᠎ᠠ ᠶᠢᠨ ᠬᠤᠭᠤᠴᠠᠭᠠᠨ ᠳᠤ ᠴᠤ ᠰᠦ ᠰᠠᠭᠠᠯᠢ ᠪᠤᠯᠪᠠᠰᠣᠷᠠᠭᠤᠯᠵᠤ ᠶᠠᠭᠠᠷᠠᠯᠲᠠᠢ ᠠᠵᠢᠯᠯᠠᠨ᠎ᠠ᠃ ᠰᠠᠷᠠᠨᠴᠡᠴᠡᠭ ᠰᠦ ᠰᠠᠭᠠᠯᠢ ᠶᠢᠨ ᠢᠶᠠᠨ ᠴᠢᠨᠠᠷ ᠢ ᠪᠠᠲᠤᠯᠠᠵᠤ᠂ ᠤᠯᠠᠮᠵᠢᠯᠠᠯᠲᠤ ᠠᠷᠭ᠎ᠠ ᠪᠠᠷ ᠢᠶᠠᠨ ᠪᠤᠯᠪᠠᠰᠣᠷᠠᠭᠤᠯᠵᠤ ᠴᠠᠭᠠᠨ ᠢᠳᠡᠭᠡᠨ ᠤ ᠪᠠᠨ ᠠᠮᠲᠠ ᠰᠢᠮ᠎ᠡ ᠶᠢ ᠪᠠᠲᠤᠯᠠᠳᠠᠭ ᠪᠤᠯᠬᠤᠷ ᠬᠤᠳᠠᠯᠳᠣᠨ ᠠᠪᠤᠭᠴᠢ ᠳᠠᠰᠣᠷᠠᠳᠠᠭ ᠦᠭᠡᠢ ᠪᠠᠶᠢᠵᠤ᠂ ᠨᠡᠩ ᠴᠤ ᠪᠠᠶᠠᠷ ᠳᠣᠷᠠᠰᠬᠠᠯ ᠤᠨ ᠡᠳᠦᠷ ᠪᠣᠯᠪᠠᠯ ᠪᠤᠷᠤᠯᠠᠭᠤᠯᠭ᠎ᠠ ᠤᠯᠠᠮ ᠰᠠᠶᠢᠨ ᠪᠣᠯᠳᠠᠭ ᠪᠠᠶᠢᠨ᠎ᠠ  ᠃     ᠣᠶᠢᠷ᠎ᠠ ᠶᠢᠨ ᠬᠤᠶᠠᠷ ᠵᠢᠯ ᠠᠴᠠ ᠰᠠᠷᠠᠨᠴᠡᠴᠡᠭ ᠨᠡᠩ ᠤᠯᠠᠨ ᠬᠡᠷᠡᠭᠯᠡᠭᠴᠢᠳ ᠤᠨ ᠳᠤᠷ᠎ᠠ ᠰᠣᠨᠢᠷᠬᠠᠯ ᠪᠠ ᠪᠡᠯᠡᠭ ᠰᠠᠯᠳᠡ ᠶᠢᠨ ᠬᠡᠷᠡᠭᠴᠡᠭᠡ ᠶᠢ ᠦᠨᠳᠦᠰᠦᠯᠡᠨ ᠬᠤᠷᠤᠳ ᠴᠠᠭᠠᠨ ᠢᠳᠡᠭᠡᠨ ᠤ ᠪᠠᠨ ᠶᠠᠩᠵᠤ ᠬᠡᠯᠪᠡᠷᠢ᠂ ᠥᠩᠭᠡ ᠪᠣᠳᠤᠭ᠂ ᠪᠤᠭᠤᠳᠠᠯ ᠪᠠᠭᠯᠠᠭ᠎ᠠ ᠳᠤ ᠰᠢᠨᠡᠴᠢᠯᠡᠯ ᠬᠢᠵᠦ᠂ ᠣᠯᠠᠨ ᠰᠠᠶᠢᠬᠠᠨ ᠶᠠᠩᠵᠤ ᠬᠡᠯᠪᠡᠷᠢ ᠲᠠᠢ ᠦᠩᠭᠡ ᠪᠣᠳᠤᠭ ᠢᠯᠭᠠᠷᠠᠭᠰᠠᠨ ᠰᠢᠨ᠎ᠡ ᠰᠣᠷᠭᠤᠭ ᠴᠠᠭᠠᠨ ᠢᠳᠡᠭᠡᠨ ᠪᠣᠯᠭᠠᠨ ᠪᠤᠯᠪᠠᠰᠣᠷᠠᠭᠤᠯᠵᠤ᠂ ᠪᠤᠭᠤᠳᠠᠯ ᠪᠠᠭᠯᠠᠭ᠎ᠠ ᠨᠢ ᠴᠤ ᠠᠪᠴᠤ ᠶᠠᠪᠤᠬᠤ ᠳᠤ ᠳᠦᠭᠦᠮ ᠪᠡᠯᠡᠭ ᠰᠠᠯᠳᠡ ᠬᠦᠷᠭᠡᠬᠦ ᠳᠤ ᠲᠤᠬᠢᠷᠠᠮᠵᠢᠲᠠᠢ ᠪᠣᠯᠵᠤ ᠨᠡᠩ ᠤᠯᠠᠨ ᠬᠡᠷᠡᠭᠯᠡᠭᠴᠢᠳ ᠢ ᠲᠠᠳᠠᠵᠠᠢ  ᠃
    ᠨᠤᠲᠤᠭ ᠨᠤᠲᠤᠭ ᠤᠨ ᠴᠠᠭᠠᠨ ᠢᠳᠡᠭᠡᠨ ᠨᠢ ᠥᠪᠡᠷ ᠥᠪᠡᠷ ᠤᠨ ᠤᠨᠴᠠᠯᠢᠭ ᠲᠠᠢ ᠪᠠᠶᠢᠳᠠᠭ᠃ ᠦᠵᠦᠮᠦᠴᠢᠨ ᠨᠤᠲᠤᠭ ᠤᠨ ᠤᠯᠠᠮᠵᠢᠯᠠᠯᠲᠤ ᠠᠷᠭ᠎ᠠ ᠪᠠᠷ ᠪᠤᠯᠪᠠᠰᠣᠷᠠᠭᠤᠯᠤᠭᠰᠠᠨ ᠴᠠᠭᠠᠨ ᠢᠳᠡᠭᠡ ᠨᠢ ᠠᠮᠲᠠ ᠰᠢᠮ᠎ᠡ ᠰᠠᠶᠢᠲᠠᠢ ᠪᠠᠶᠢᠵᠤ᠂ ᠨᠡᠩ ᠴᠤ ᠪᠠᠶᠠᠷ ᠳᠣᠷᠠᠰᠬᠠᠯ ᠤᠨ ᠪᠡᠯᠡᠭ ᠰᠠᠯᠳᠡ ᠳᠤ ᠵᠣᠷᠢᠭᠤᠯᠤᠭᠰᠠᠨ ᠭᠤᠶᠤ ᠰᠠᠶᠢᠬᠠᠨ ᠪᠣᠭᠤᠳᠠᠯ ᠪᠠᠭᠯᠠᠭ᠎ᠠ ᠲᠠᠢ ᠦᠵᠦᠮᠦᠴᠢᠨ ᠴᠠᠭᠠᠨ ᠢᠳᠡᠭᠡ ᠨᠢ ᠬᠡᠷᠡᠭᠯᠡᠭᠴᠢᠳ ᠤᠨ ᠬᠤᠳᠠᠯᠳᠣᠨ ᠠᠪᠬᠤ ᠲᠡᠷᠢᠭᠦᠨ ᠰᠤᠩᠭᠤᠯᠲᠠ ᠪᠣᠯᠵᠤ ᠪᠠᠶᠢᠨ᠎ᠠ᠃ ᠣᠶᠢᠷ᠎ᠠ ᠶᠢᠨ ᠵᠢᠯ ᠠᠴᠠ ᠮᠠᠰᠢ ᠤᠯᠠᠨ ᠬᠤᠲᠠ ᠣᠷᠣᠭᠰᠠᠨ ᠮᠠᠯᠴᠢᠳ ᠴᠠᠭᠠᠨ ᠢᠳᠡᠭᠡᠨ ᠤ ᠳᠡᠯᠭᠡᠭᠦᠷ ᠡᠷᠬᠢᠯᠡᠵᠦ  ᠤᠯᠠᠮᠵᠢᠯᠠᠯᠲᠤ ᠴᠠᠭᠠᠨ ᠢᠳᠡᠭᠡᠨ ᠬᠢᠬᠦ ᠠᠷᠭ᠎ᠠ ᠮᠠᠶ᠋ᠢᠭ ᠳᠡᠭᠡᠷ᠎ᠡ ᠰᠢᠨᠡᠴᠢᠯᠡᠯᠲᠡ ᠬᠢᠵᠦ  ᠂ ᠵᠠᠬ᠎ᠠ ᠵᠡᠭᠡᠯᠢ ᠳᠤ ᠥᠷᠭᠡᠨ ᠢᠶᠠᠷ ᠪᠤᠷᠤᠯᠠᠭᠤᠯᠵᠤ ᠣᠷᠣᠯᠭ᠎ᠠ ᠡᠭᠦᠳᠴᠦ ᠪᠠᠶᠢᠬᠤ ᠮᠦᠷᠲᠡᠭᠡᠨ ᠬᠥᠳᠡᠭᠡ ᠪᠠᠨ ᠰᠠᠭᠤᠷᠢᠰᠢᠭ᠎ᠠ ᠮᠠᠯᠴᠢᠳ ᠴᠤ ᠴᠠᠭᠠᠨ ᠢᠳᠡᠭᠡ  ᠪᠠᠨ ᠪᠤᠯᠪᠠᠰᠣᠷᠠᠭᠤᠯᠵᠤ ᠬᠤᠲᠠ ᠪᠠᠯᠭᠠᠰᠣᠨ ᠳᠤ ᠠᠪᠴᠢᠷᠠᠨ ᠪᠤᠷᠤᠯᠠᠭᠤᠯᠵᠤ ᠨᠡᠮᠡᠯᠲᠡ ᠣᠷᠣᠯᠭ᠎ᠠ ᠡᠭᠦᠳᠴᠦ ᠪᠠᠶᠢᠨ᠎ᠠ  ᠃     ᠡᠶᠢᠨᠬᠦ ᠰᠢᠨ᠎ᠡ ᠴᠠᠭᠠᠨ ᠰᠠᠷ᠎ᠠ ᠪᠠᠷ ᠴᠠᠭᠠᠨ ᠢᠳᠡᠭᠡᠨ ᠨᠢ ᠵᠠᠬ᠎ᠠ ᠵᠡᠭᠡᠯᠢ ᠳᠤ ᠥᠷᠭᠡᠨ ᠢᠶᠠᠷ ᠳᠡᠯᠭᠡᠭᠳᠡᠵᠦ᠂ ᠮᠠᠯᠴᠢᠳ ᠴᠤ ᠬᠤᠷᠤᠳ ᠴᠠᠭᠠᠨ ᠢᠳᠡᠭᠡ  ᠪᠤᠯᠪᠠᠰᠣᠷᠠᠭᠤᠯᠤᠨ ᠶᠠᠭᠠᠷᠠᠯᠲᠠᠢ ᠮᠦᠷᠲᠡᠭᠡᠨ ᠪᠠᠶᠠᠷᠲᠠᠢ ᠬᠠᠭᠤᠴᠢᠨ ᠵᠢᠯ ᠢᠶᠠᠨ ᠦᠳᠡᠵᠦ᠂ ᠰᠠᠭᠠᠯᠢ ᠶᠢᠨ ᠦᠨᠦᠷ ᠠᠩᠬᠢᠯᠤᠭᠰᠠᠨ ᠰᠢᠨ᠎ᠡ ᠵᠢᠯ ᠢᠶᠠᠨ ᠤᠭᠲᠤᠨ᠎ᠠ  ᠃        
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ  ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号