ᠪᠠᠷᠠᠭᠤᠨ ᠦᠵᠦᠮᠦᠴᠢᠨ ᠬᠤᠰᠢᠭᠤᠨ ᠠᠴᠠ ᠯᠢᠨᠰᠢ ᠰᠢᠶᠠᠨ ᠬᠥᠷᠬᠦ ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2025/2/7
  ᠪᠢᠯᠧᠲ ᠤᠨ ᠦᠨ᠎ᠡ ᠨᠢ 26 ᠲᠥᠭᠦᠷᠢᠭ︕                                           2 ᠰᠠᠷ᠎ᠠ ᠶᠢᠨ 5 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ  ᠪᠠᠯᠭᠠᠰᠤᠨ ᠠᠴᠠ ᠯᠢᠨᠰᠢ ᠰᠢᠶᠠᠨ ᠬᠥᠷᠬᠦ ᠰᠢᠨ᠎ᠡ ᠡᠨᠧᠷᠭᠢ ᠶᠢᠨ ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡ ᠡᠬᠢᠯᠡᠨ ᠠᠰᠢᠭᠯᠠᠯᠲᠠ ᠳᠤ ᠣᠷᠣᠪᠠ᠂ ᠡᠨᠡ ᠪᠣᠯ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠠᠬᠢ ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡ ᠪᠣᠯᠤᠨ᠎ᠠ᠃
  ᠪᠢᠯᠧᠲ ᠤᠨ ᠦᠨ᠎ᠡ ᠨᠢ 26 ᠲᠥᠭᠦᠷᠢᠭ ᠪᠠᠶᠢᠵᠤ ᠂ ᠡᠨᠡ ᠨᠢ  ᠤᠤᠯ ᠤᠨ ᠪᠢᠯᠧᠲ ᠤᠨ ᠦᠨ᠎ᠡ ᠲᠠᠢ ᠬᠠᠷᠢᠴᠠᠭᠤᠯᠪᠠᠯ 12 ᠲᠥᠭᠦᠷᠢᠭ ᠤᠨ ᠬᠠᠷᠠᠭᠠᠯᠵᠠᠯ ᠲᠠᠢ ᠪᠣᠯᠵᠠᠶ᠃
  ᠪᠠᠷᠠᠭᠤᠨ ᠦᠵᠦᠮᠦᠴᠢᠨ ᠬᠤᠰᠢᠭᠤᠨ ᠤ ᠵᠢᠦ ᠵᠧᠦ ᠠᠶᠠᠨᠴᠢᠳ ᠤᠨ ᠲᠡᠭᠡᠭᠡᠪᠦᠷᠢ ᠶᠢᠨᠥᠷᠲᠡᠭᠡᠨ ᠠᠴᠠ ᠲᠡᠷᠭᠡ ᠬᠥᠳᠡᠯᠬᠦ ᠴᠠᠭ ᠨᠢ᠄ ᠥᠷᠯᠥᠭᠡ ᠶᠢᠨ 6 : 40 ᠪᠠ 8 : 40 ᠯᠢᠨᠰᠢ ᠰᠢᠶᠠᠨ ᠤ ᠲᠡᠷᠭᠡᠨ ᠥᠷᠲᠡᠭᠡᠨ ᠤ ᠲᠡᠷᠭᠡ ᠬᠥᠳᠡᠯᠬᠦ ᠴᠠᠭ ᠨᠢ᠄ ᠦᠳᠡ ᠶᠢᠨ 12 : 10 ᠪᠠ ᠦᠳᠡ ᠶᠢᠨ ᠬᠤᠢᠨ᠎ᠠ ᠶᠢᠨ 14 : 10   ᠡᠨᠡ ᠬᠦ ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡ ᠨᠡᠪᠲᠡᠷᠡᠭᠰᠡᠨ ᠨᠢ ᠬᠤᠶᠠᠷ ᠭᠠᠵᠠᠷ ᠤᠨ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠨᠠᠩ ᠲᠥᠬᠦᠮ ᠦᠵᠡᠭᠦᠯᠵᠦ᠂ ᠪᠣᠳᠠᠲᠤ ᠠᠰᠢᠭ ᠲᠤᠰᠠ ᠬᠦᠷᠲᠡᠭᠡᠭᠰᠡᠨ ᠪᠠᠶᠢᠨ᠎ᠠ᠃ ᠣᠲᠣ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ ᠪᠠᠯᠭᠠᠰᠤ ︱ ᠰᠢᠯᠢᠩᠬᠤᠲᠠ᠂ ᠪᠠᠶᠠᠨᠬᠤᠸᠠ ᠪᠠᠯᠭᠠᠰᠤ ︱ ᠲᠦᠩᠯᠢᠶᠣᠤ ᠬᠤᠲᠠ ᠶᠢᠨ ᠬᠤᠤᠯᠢᠩᠭᠤᠯ ᠬᠤᠲᠠ ᠬᠦᠷᠬᠦ ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡᠨ ᠤ 2 ᠵᠠᠮ ᠱᠤᠭᠤᠮ ᠢ ᠨᠢᠭᠡᠨᠲᠡ ᠨᠡᠪᠲᠡᠷᠡᠭᠦᠯᠵᠦ᠂ ᠪᠠᠯᠭᠠᠷᠭᠤᠤᠯ ᠪᠠᠯᠭᠠᠰᠤ ︱  ᠪᠠᠶᠠᠨᠬᠤᠸᠠ ᠪᠠᠯᠭᠠᠰᠤ ᠬᠦᠷᠬᠦ ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠤ 1 ᠵᠠᠮ ᠱᠤᠭᠤᠮ ᠢ ᠨᠡᠪᠲᠡᠷᠡᠭᠦᠯᠦᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号