ᠪᠠᠷᠠᠭᠤᠨ ᠦᠵᠦᠮᠦᠴᠢᠨ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠬᠡᠷᠡᠯ ᠭᠢᠯᠪᠠᠭ᠎ᠠ ᠪᠠᠨ ᠰᠠᠴᠤᠷᠠᠭᠤᠯᠵᠤ ᠦᠵᠦᠮᠦᠴᠢᠨ ᠨᠤᠳᠤᠭ ᠤᠨ ᠦᠷᠨᠢᠯ ᠬᠦᠭᠵᠢᠯ ᠤᠨ ᠰᠢᠨ᠎ᠡ ᠬᠠᠭᠤᠳᠠᠰᠤ ᠶᠢ ᠪᠢᠴᠢᠭᠯᠡᠨᠡᠮ
ᠨᠡᠶᠢᠲᠡᠯᠡᠭᠰᠡᠨ ᠴᠠᠭ᠄
2025/2/7
  ᠦᠯᠵᠡᠶᠢᠲᠦ ᠴᠠᠭᠠᠨ ᠰᠠᠷ᠎ᠠ ᠶᠢᠨ ᠪᠠᠶᠠᠷᠲᠤ ᠮᠦᠴᠡ ᠪᠠᠷ᠂ ᠪᠠᠷᠠᠭᠤᠨ ᠦᠵᠦᠮᠦᠴᠢᠨ ᠬᠤᠰᠢᠭᠤᠨ ᠤ ᠬᠦᠮᠦᠨ ᠠᠷᠠᠳ ᠠᠵᠠ ᠵᠢᠷᠭᠠᠯ ᠢᠶᠠᠷ ᠲᠦᠭᠦᠷᠡᠩ ᠮᠦᠰᠢᠶᠡᠲᠦ  ᠲᠤᠳᠤᠷᠠᠭᠤᠯᠵᠤ᠂ ᠦᠷᠭᠡᠨ  ᠠᠭᠤᠳᠠᠮ ᠲᠠᠯ᠎ᠠ ᠨᠤᠳᠤᠭ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠦᠳᠡᠭᠡ ᠲᠤᠰᠬᠤᠨ ᠢ ᠬᠦᠭᠵᠢᠬᠦᠯᠦᠨ  ᠮᠠᠨᠳᠤᠭᠤᠯᠬᠤ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠲᠤᠤᠷ᠎ᠠ ᠦᠵᠦᠮᠦᠴᠢᠨ ᠨᠤᠳᠤᠭ ᠤᠨ ᠦᠷᠨᠢᠯ ᠬᠦᠭᠵᠢᠯ ᠤᠨ ᠰᠢᠨ᠎ᠡ ᠬᠠᠭᠤᠳᠠᠰᠤ ᠶᠢ  ᠪᠢᠴᠢᠭᠯᠡᠨᠡᠮ᠃   2024 ᠣᠨ ᠳᠤ᠂ ᠪᠠᠷᠠᠭᠤᠨ ᠦᠵᠦᠮᠦᠴᠢᠨ ᠬᠤᠰᠢᠭᠤ ︽ᠮᠢᠩᠭᠠᠨ ᠲᠦᠮᠡᠨ ᠢᠨᠵᠧᠨᠧᠷᠢᠩ︾  ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ   ᠶᠢᠨ ᠰᠢᠨ᠎ᠡ ᠪᠠᠶᠢᠷᠢᠯᠠᠭᠤᠯᠤᠯᠲᠠ ᠪᠣᠯᠣᠨ ᠴᠢᠩᠭ᠎ᠠ ᠱᠠᠭᠠᠷᠳᠠᠯᠭ᠎ᠠ ᠳᠤ ᠴᠢᠭᠯᠡᠭᠦᠯᠦᠨ ᠯᠠᠪᠳᠠᠭᠤᠨ ᠪᠠᠲᠤᠲᠠᠢ  ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠪᠠᠷ ᠢᠶᠠᠨ ᠮᠠᠯ ᠠᠵᠤ ᠠᠬᠤᠢ ᠥᠷᠨᠢᠭᠦᠨ ᠬᠥᠭᠵᠢᠭᠰᠡᠨ᠂ ᠮᠠᠯᠵᠢᠬᠤ ᠣᠷᠣᠨ ᠰᠢᠨᠡᠴᠢᠯᠡᠨ  ᠪᠤᠵᠠᠭᠠᠶᠢᠷᠠᠭᠰᠠᠨ  ᠂ ᠮᠠᠯᠴᠢᠳ   ᠤᠨ ᠠᠮᠢᠳᠤᠷᠠᠯ ᠪᠠᠶᠠᠨ ᠴᠢᠨᠡᠭᠡᠯᠢᠭ ᠰᠠᠶᠢᠨ ᠰᠠᠶᠢᠬᠠᠨ  ᠵᠢᠷᠤᠭᠯᠠᠯ   ᠢ ᠪᠢᠴᠢᠭᠯᠡᠭᠰᠡᠨ ᠶᠤᠮ᠃ᠲᠦᠷᠦᠯ ᠵᠦᠢᠯ ᠶᠢᠨ ᠪᠡᠯᠡ ᠮᠥᠩᠭᠦ ᠬᠠᠮᠲᠤ  ᠶᠢᠨ ᠠᠵᠤ ᠠᠬᠤᠢ  ᠶᠢᠨ ᠪᠤᠵᠠᠭᠠᠶᠢᠷᠠᠯ ᠢ  ᠠᠬᠢᠭᠤᠯᠪᠠ   ᠬᠥᠳᠡᠭᠡ ᠲᠣᠰᠬᠤᠨ ᠤ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠳᠤ᠂ ᠪᠡᠯᠡ ᠮᠥᠩᠭᠦ ᠶᠢ ᠤᠨᠢᠨ ᠳᠡᠭᠡᠷ᠎ᠡ  ᠨᠢ ᠵᠠᠷᠤᠴᠠᠭᠤᠯᠬᠤ ᠪᠣᠯ ᠵᠠᠩᠭᠢᠯᠠᠭ᠎ᠠ ᠪᠣᠯᠣᠨ᠎ᠠ᠃ 2024 ᠣᠨ ᠳᠤ᠂ 3438.9 ᠲᠦᠮᠡᠨ ᠲᠥᠭᠦᠷᠢᠭ ᠤᠨ ᠡᠯ᠎ᠡ ᠱᠠᠲᠤᠨ ᠤ ᠵᠣᠯᠭᠠᠭᠤᠯᠤᠭᠰᠠᠨ ᠪᠡᠯᠡ ᠮᠥᠩᠭᠦ  ᠪᠦᠬᠦ ᠬᠤᠰᠢᠭᠤᠨ ᠤ ᠡᠯ᠎ᠡ ᠭᠠᠴᠠᠭᠠᠨ ᠳᠤ ᠪᠠᠭᠤᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠤᠷᠤᠭᠤᠯᠤᠨ᠂ ᠮᠠᠯ ᠠᠵᠤ ᠠᠬᠤᠢ  ᠶᠢᠨ ᠡᠭᠦᠯᠳᠡᠷ ᠢ ᠰᠢᠯᠢᠳᠡᠭᠵᠢᠬᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠥᠷᠭᠡᠨ ᠳᠠᠷᠳᠠᠩ ᠮᠠᠯᠵᠢᠯ ᠤᠨ ᠵᠠᠮ  ᠵᠠᠰᠠᠵᠤ᠂ ᠵᠥᠭᠡᠭᠡᠪᠦᠷᠢ ᠶᠢ ᠨᠡᠩ ᠳᠥᠭᠦᠮ ᠳᠥᠲᠡ ᠪᠣᠯᠭᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠠᠭᠤᠷᠢ ᠶᠢ ᠪᠠᠲᠤᠳᠬᠠᠪᠠ᠃   ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠣᠳᠣᠬᠢᠴᠢᠯᠠᠭᠰᠠᠨ ᠰᠦ ᠰᠠᠭᠠᠬᠤ ᠲᠥᠬᠦᠭᠡᠷᠦᠮᠵᠢ ᠢ ᠪᠦᠷᠢᠨᠰᠢᠬᠦᠯᠵᠦ᠂ ᠰᠢᠨ᠎ᠡ ᠰᠣᠷᠭᠤᠭ ᠴᠢᠨᠠᠷ ᠰᠠᠶᠢᠲᠠᠢ ᠦᠨᠢᠶᠡᠨ ᠰᠦ ᠶᠢ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢ ᠳᠤ ᠭᠠᠷᠭᠠᠪᠠ︔ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠥᠬᠦᠭᠡᠷᠦᠮᠵᠢ  ᠶᠢ  ᠢᠵᠢ ᠪᠦᠷᠢᠨᠰᠢᠬᠦᠯᠵᠦ᠂ ᠨᠣᠭᠤᠭᠠᠨ ᠪᠣᠷᠳᠤᠭ᠎ᠠ ᠶᠢ ᠬᠠᠳᠤᠵᠤ ᠬᠤᠷᠢᠶᠠᠬᠤ ᠳᠤ ᠲᠦᠬᠦᠮ ᠦᠵᠡᠬᠦᠯᠦᠭᠰᠡᠨ ᠪᠠᠶᠢᠨ᠎ᠠ᠃  ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠨᠠᠩ ᠢᠯᠠᠩᠭᠤᠶ᠎ᠠ  ᠡᠯ᠎ᠡ ᠭᠠᠴᠠᠭᠠᠨ ᠤ ᠬᠤᠭ ᠨᠣᠪᠰᠢ ᠶᠢ ᠴᠡᠪᠡᠷᠯᠡᠵᠦ᠂ ᠪᠣᠬᠢᠷ ᠤᠰᠤ ᠶᠢ ᠵᠠᠰᠠᠵᠤ᠂ ᠵᠡᠭᠡᠯᠢ ᠭᠤᠳᠤᠮᠵᠢ ᠴᠡᠪᠡᠷ ᠲᠡᠭᠰᠢ ᠪᠤᠯᠭᠠᠨ᠂ ᠬᠠᠭᠤᠴᠢᠨ ᠳᠦᠷᠰᠦ ᠪᠠᠶᠢᠳᠠᠯ ᠢ  ᠴᠡᠭᠴᠡᠯᠡᠨ ᠵᠠᠰᠠᠵᠤ᠂ ᠰᠢᠨ᠎ᠡ ᠳᠦᠷᠰᠦ ᠪᠠᠶᠢᠳᠠᠯ ᠢ ᠡᠬᠦᠳᠦᠭᠰᠡᠨ ᠶᠤᠮ᠃ᠡᠲᠡᠭᠡᠷ ᠠᠯᠢ ᠣᠯᠠᠨ ᠠᠷᠭ᠎ᠠ ᠬᠡᠮᠵᠢᠶ᠎ᠡ ᠨᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠳᠤᠲᠠᠭᠤᠳᠠᠯ ᠢ ᠨᠥᠬᠦᠪᠦᠷᠢᠯᠡᠵᠦ᠂ 15 ᠭᠠᠴᠠᠭᠠᠨ ᠤ 23 ᠠᠵᠤ ᠦᠢᠯᠡᠰ ᠤᠨ ᠲᠥᠷᠥᠯ ᠵᠦᠢᠯ ᠢ ᠢᠳᠡᠷᠡᠭᠦᠨ ᠢᠶᠠᠷ ᠪᠤᠶᠢᠵᠢᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠪᠠ᠃    ᠮᠠᠯᠵᠢᠬᠤ ᠣᠷᠣᠨ ᠤ ᠰᠠᠭᠤᠷᠢᠰᠢᠬᠤ ᠳᠤ ᠲᠣᠬᠢᠷᠠᠮᠵᠢᠲᠠᠢ ︽ᠭᠤᠶᠢᠲᠠ ᠦᠵᠡᠮᠵᠢ︾ ᠶᠢ   ᠵᠢᠷᠤᠭᠯᠠᠪᠠ    ᠪᠠᠷᠠᠭᠤᠨ ᠦᠵᠦᠮᠦᠴᠢᠨ ᠬᠤᠰᠢᠭᠤᠨ ᠤ  ᠭᠠᠴᠠᠭ᠎ᠠ ᠨᠤᠳᠤᠭ ᠢᠶᠠᠷ ᠬᠦᠨᠵᠡᠭᠡᠶᠢᠷᠡᠬᠦ  ᠳᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠬᠥᠮᠥᠰ ᠤᠨ ᠠᠩᠬᠠᠷᠤᠯ ᠢ  ᠲᠠᠳᠠᠵᠤ᠂  ᠲᠤᠰ ᠵᠢᠯ ᠤᠨ ᠬᠤᠭᠤᠴᠠᠭᠠᠨ ᠳᠤ᠂ 327 ᠮᠠᠯᠵᠢᠬᠤ ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠪᠠ ︵ᠤᠰᠤ ᠪᠠᠷ ᠤᠬᠢᠶᠠᠬᠤ ᠮᠠᠶ᠋ᠢᠭ ᠤᠨ 64 ᠵᠣᠷᠯᠣᠩ᠂ 263 ᠬᠠᠭᠤᠷᠠᠢ ᠵᠣᠷᠯᠣᠩ︶᠃ ᠪᠥᠬᠦ ᠬᠤᠰᠢᠭᠤᠨ ᠤ 93 ᠭᠠᠴᠠᠭᠠᠨ ᠤ ᠲᠦᠮᠡ ᠭᠠᠷᠤᠢ ᠬᠥᠮᠥᠨ ᠤᠳᠠᠭ᠎ᠠ ᠶᠢᠨ ᠮᠠᠯᠴᠢᠨ ᠲᠦᠮᠡᠨ ᠤ ᠰᠠᠶᠢᠨ ᠳᠤᠷ᠎ᠠ ᠠᠴᠠ ᠪᠠᠨ ᠣᠷᠣᠯᠴᠠᠭᠰᠠᠨ ᠨᠡᠶᠢᠲᠡ 1.5 ᠲᠦᠮᠡ ᠭᠠᠷᠤᠢ ᠲᠣᠨ‌ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠠᠷᠢᠯᠭᠠᠨ ᠴᠡᠪᠡᠷᠯᠡᠵᠦ᠂ ᠣᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠤᠲᠤᠭ ᠤᠰᠤᠨ ᠤ ᠪᠠᠨ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ ᠠᠵᠢᠯ ᠳᠤ  ᠰᠢᠭᠤᠷᠬᠠᠶᠢᠯᠠᠨ᠂ ᠮᠠᠯᠵᠢᠬᠤ ᠤᠷᠤᠨ ᠤ ᠰᠠᠭᠤᠷᠢᠰᠬᠤ ᠳᠤ ᠲᠤᠬᠢᠷᠠᠮᠵᠢᠲᠠᠢ ︽ᠭᠤᠶᠢᠲᠠ ᠦᠵᠡᠮᠵᠢ︾ ᠶᠢ ᠵᠢᠷᠤᠭᠯᠠᠭᠰᠠᠨ ᠪᠠᠶᠢᠨ᠎ᠠ᠃    ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠨᠢ ᠮᠠᠯᠵᠢᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠴᠢᠷ ᠠᠰᠠᠭᠤᠳᠠᠯ ᠪᠠᠶᠢᠵᠤ᠂ ᠠᠵᠤ ᠠᠬᠤᠶᠢᠯᠠᠯ ᠢ ᠣᠷᠣᠭᠤᠯᠤᠨ ᠠᠪᠴᠢᠷᠠᠭᠰᠠᠨ ᠤ ᠳᠠᠷᠠᠭ᠎ᠠ᠂ ︽ᠠᠵᠤ ᠠᠬᠤᠶᠢᠯᠠᠯ + ᠵᠢᠵᠢᠭ‌ᠠᠵᠤ ᠠᠬᠤᠶᠢᠯᠠᠯ  + ᠭᠠᠴᠠᠭ᠎ᠠ︾ ᠶᠢᠨ ᠠᠵᠢᠯ ᠤᠨ ᠬᠡᠪ ᠵᠠᠭᠪᠤᠷ ᠢ ᠪᠠᠶᠢᠭᠤᠯᠵᠤ᠂ ᠲᠤᠤᠷᠴᠢᠯᠠᠭᠰᠠᠨ ᠬᠠᠮᠢᠶᠠᠷᠤᠯᠲᠠ ᠨᠢ ᠪᠡᠯᠴᠢᠭᠡᠷ ᠤᠨ ᠢᠯᠭᠠᠳᠠᠰᠤᠨ ᠤ ᠪᠣᠬᠢᠷᠲᠤᠯ ᠢ ᠲᠣᠬᠢᠲᠠᠢ ᠰᠢᠢᠳᠪᠦᠷᠢᠯᠡᠬᠦ ᠲᠥᠰᠥᠯ ᠲᠠᠢ ᠪᠣᠯᠭᠠᠵᠤ᠂ ᠡᠬᠢ ᠪᠠᠶᠠᠯᠢᠭᠵᠢᠭᠤᠯᠤᠨ ᠠᠰᠢᠭᠯᠠᠬᠤ ᠨᠤᠷᠮ᠎ᠠ ᠶᠢ 86 .82%ᠪᠣᠯᠲᠠᠯ᠎ᠠ ᠳᠡᠭᠡᠭᠰᠢᠯᠡᠭᠦᠯᠦᠭᠡᠳ᠂ ᠬᠥᠷᠥᠰᠥ ᠰᠢᠷᠣᠢ ᠶᠢ ᠰᠢᠮᠡᠵᠢᠭᠦᠯᠬᠦ ᠣᠷᠭᠠᠨᠢᠭ ᠪᠣᠷᠳᠣᠭᠤᠷ ᠪᠣᠯᠭᠠᠨ ᠬᠤᠪᠢᠷᠠᠭᠠᠪᠠ᠃ ︽7+X︾ ᠨᠡᠶᠢᠭᠡᠮᠴᠢᠯᠡᠭᠰᠡᠨ ᠦᠢᠯᠡᠴᠢᠯᠡᠭᠡᠨ ᠤ ᠬᠡᠪ ᠵᠠᠭᠪᠤᠷ ᠢ ᠭᠡᠷᠡᠭᠵᠢᠬᠦᠯᠵᠦ᠂ ᠮᠠᠯᠵᠢᠬᠤ ᠣᠷᠣᠨ ᠤ 90 ᠰᠠᠯᠠᠭ᠎ᠠ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠮᠠᠯ ᠠᠵᠤ ᠠᠬᠤᠢ ᠶᠢᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠮᠠᠰᠢᠨ ᠮᠧᠬᠠᠨᠢᠭ ᠢ ᠰᠡᠯᠪᠢᠨ ᠵᠠᠰᠠᠬᠤ᠂ ᠠᠮᠢᠳᠤᠷᠠᠯ ᠤᠨ ᠬᠡᠷᠡᠭᠰᠡᠯ ᠢ ᠣᠷᠣᠯᠠᠨ ᠬᠤᠳᠠᠯᠳᠤᠨ ᠠᠪᠬᠤ᠂ ᠲᠦᠷᠦ ᠶᠢᠨ ᠪᠣᠳᠣᠯᠭ᠎ᠠ ᠶᠢᠨ ᠵᠥᠪᠯᠡᠯᠭᠡ ᠥᠭᠬᠦ ᠵᠡᠷᠭᠡ ᠨᠡᠶᠢᠲᠡ 1.9 ᠲᠦᠮᠡ ᠭᠠᠷᠤᠢ ᠤᠳᠠᠭ᠎ᠠ ᠶᠢᠨ ᠦᠢᠯᠡᠴᠢᠯᠡᠭᠡ ᠬᠢᠵᠦ᠂ ᠮᠠᠯᠴᠢᠳ ᠤᠨ ᠠᠮᠢᠳᠤᠷᠠᠯ ᠤᠨ ᠡᠯ᠎ᠡ ᠲᠠᠯ᠎ᠠ ᠶᠢ ᠬᠠᠮᠤᠷᠴᠤ᠂ ᠮᠠᠯᠵᠢᠬᠤ ᠣᠷᠣᠨ ᠤ ᠠᠮᠢᠳᠤᠷᠠᠯ ᠤᠨ ︽ᠵᠣᠯ ᠵᠢᠷᠭᠠᠯᠲᠤ ᠲᠥᠷᠥᠭᠳᠡᠯ︾ ᠢ ᠯᠠᠪᠳᠠᠭᠤᠨ ᠲᠣᠭᠲᠠᠭᠤᠨ ᠢᠶᠠᠷ ᠠᠬᠢᠭᠤᠯᠤᠭᠰᠠᠨ ᠪᠠᠶᠢᠨ᠎ᠠ᠃    ᠮᠠᠯᠵᠢᠬᠤ ᠣᠷᠣᠨ ᠤ  ᠪᠣᠯᠪᠠᠰᠤᠨ   ᠤ  ︽ᠰᠢᠨ᠎ᠡ ᠰᠤᠷᠲᠠᠯ  ︾ ᠢ  ᠪᠤᠢ ᠪᠤᠯᠭᠠᠪᠠ    ᠬᠥᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ ᠠᠶᠠᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠥᠷᠢᠴᠡᠯ ᠵᠢᠭᠤᠷᠠᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠬᠦ ᠶᠢ ᠠᠬᠢᠭᠤᠯᠵᠤ᠂ ᠬᠤᠰᠢᠭᠤ ᠲᠠᠰ ᠤᠨ ︽ᠨᠢᠭᠡ ᠥᠷᠲᠡᠭᠡ ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠥᠪ ᠥᠨᠳᠥᠷ ᠪᠦᠲᠦᠮᠵᠢᠲᠡᠶ ᠪᠠᠷ ᠠᠵᠢᠯᠯᠠᠵᠤ᠂ ᠰᠤᠮᠤ ᠪᠠᠯᠭᠠᠰᠤᠨ ᠤ ᠲᠠᠰ ᠤᠨ ᠲᠥᠪ ᠭᠦᠨᠵᠡᠭᠡᠢ ᠠᠭᠤᠰᠤᠯᠴᠠᠨ᠂ ᠲᠤᠰᠬᠠᠢ ᠮᠡᠷᠭᠡᠵᠢᠯ ᠤᠨ ᠡᠶᠡᠳᠡᠭᠦᠯᠬᠦ ᠪᠦᠯᠬᠦᠮ ᠢ ᠪᠠᠶᠢᠭᠤᠯᠵᠤ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠨᠤᠲᠤᠭ ᠪᠡᠯᠴᠢᠭᠡᠷ ᠤᠨ ᠵᠥᠷᠢᠴᠡᠯ   ᠢ ᠴᠠᠭ ᠲᠤᠬᠠᠢ ᠳᠤ ᠨᠢ ᠡᠶᠡᠳᠡᠬᠦᠯᠪᠡ᠃    ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ︽ᠠᠯᠳᠠᠨ ᠬᠠᠶᠢᠷᠠᠭᠤᠴᠠᠢ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠶᠠᠪᠤᠭᠳᠠᠭᠤᠯᠵᠤ᠂ 1550 ᠭᠠᠷᠤᠢ ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠨᠠᠮ ᠤᠨ ᠰᠠᠶᠢᠨ ᠲᠦᠷᠦ ᠶᠢᠨ ᠪᠣᠳᠣᠯᠭ᠎ᠠ᠂ ᠪᠠᠶᠠᠵᠢᠯ ᠤᠨ ᠰᠢᠨ᠎ᠡ ᠰᠡᠳᠬᠢᠴᠡ ᠶᠢ 10.7 ᠲᠦᠮᠡᠨ ᠬᠥᠮᠥᠨ ᠤᠳᠠᠭ᠎ᠠ ᠶᠢᠨ ᠰᠡᠳᠬᠢᠯ ᠳᠤ ᠬᠠᠳᠠᠩᠰᠢᠭᠤᠯᠵᠠᠢ︔ ᠪᠢᠴᠢᠯ ᠬᠢᠴᠢᠶᠡᠯ ᠤᠨ ᠲᠠᠩᠬᠢᠮ ᠢ ᠲᠣᠭᠲᠠᠮᠠᠯ ᠬᠤᠭᠤᠴᠠᠭ᠎ᠠ ᠲᠠᠢ ᠪᠠᠷ ᠮᠠᠯᠴᠢᠳ ᠤᠨ ᠭᠠᠷ   ᠲᠤ ᠬᠦᠷᠭᠡᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠯᠵᠢᠬᠤ ᠡᠷᠦᠬᠡ ᠢᠶᠠᠷ ᠬᠦᠨᠵᠡᠭᠡᠶᠢᠷᠡᠵᠦ᠂ 310 ᠭᠠᠷᠤᠢ ᠤᠳᠠᠭ᠎ᠠ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠪᠠ᠃     ︽ᠦᠵᠦᠮᠦᠴᠢᠨ ᠨᠤᠳᠤᠭ ᠤᠨ ᠠᠮᠢᠨ ᠰᠤᠳᠠᠰᠤ —  ᠪᠠᠯᠭᠠᠷ ᠭᠤᠣᠯ︾ ᠲᠧᠯᠸᠢᠰ ᠪᠠᠷᠢᠮᠲᠠᠲᠤ  ᠹᠢᠯᠢᠮ ᠴᠢᠩᠭ᠎ᠠ ᠲᠤᠰᠬᠠᠯ ᠭᠠᠷᠴᠤ᠂ ᠲᠠᠯ᠎ᠠ ᠨᠤᠲᠤᠭ᠂ ᠭᠤᠣᠯ ᠮᠥᠷᠡᠨ  ᠠᠵᠢᠯᠴᠢ ᠬᠥᠳᠡᠯᠮᠦᠷᠢᠴᠢ ᠮᠠᠯᠴᠢᠳ ᠲᠠᠢ ᠬᠠᠷᠢᠯᠴᠠᠨ ᠲᠦᠰᠢᠯᠴᠡᠵᠦ᠂ ᠦᠨᠳᠦᠰᠦᠲᠡᠨ ᠤ ᠪᠦᠯᠬᠦᠮᠳᠡᠯ ᠤᠨ ᠥᠯᠢᠭᠡᠷ ᠨᠢ ᠬᠥᠮᠥᠰ ᠤᠨ ᠰᠡᠳᠬᠢᠯ  ᠢ  ᠬᠦᠳᠡᠯᠭᠡᠨ ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠪᠠᠶᠢᠩᠭᠤ ᠠᠳᠬᠤᠨ ᠪᠠᠶᠢᠩᠭᠤ ᠰᠢᠨᠡᠳᠬᠡᠵᠦ᠂ ᠬᠤᠶᠠᠳᠤᠭᠠᠷ ᠪᠦᠯᠦᠭ ᠤᠨ 5 ᠰᠢᠯᠢᠳᠡᠭ ᠨᠡᠶᠢᠲᠡ ᠶᠢᠨ ᠭᠡᠷ᠎ᠡ ᠨᠢ ᠵᠠᠩ ᠳᠠᠳᠬᠠᠯ ᠢ ᠥᠭᠡᠷᠡᠴᠢᠯᠡᠬᠦ ᠳᠤ ︽ᠬᠠᠲᠠᠭᠤ ᠳᠦᠷᠢᠮ ᠲᠣᠭᠲᠠᠭᠠᠯ︾ ᠢ ᠲᠣᠭᠲᠠᠭᠠᠪᠠ︔ ︽ᠶᠡᠭᠡ ᠬᠡᠮᠵᠢᠶᠡᠨ ᠤ ᠪᠣᠭᠲᠣᠯᠠᠬᠤ ᠪᠡᠯᠡᠭ  ᠢ ᠡᠰᠡᠷᠭᠦᠴᠡᠨ ᠬᠤᠷᠢᠭᠯᠠᠵᠤ᠂ ᠪᠣᠯᠪᠠᠰᠤᠨ ᠬᠤᠷᠢᠮ ᠤᠨ ᠵᠠᠩᠰᠢᠯ  ᠢ ᠰᠠᠨᠠᠭᠠᠴᠢᠯᠠᠨ᠎ᠠ︾ ᠭᠡᠬᠦ ᠤᠬᠠᠭᠤᠯᠭ᠎ᠠ  ᠶᠢ ᠲᠠᠷᠢᠬᠢ ᠲᠣᠯᠣᠭᠠᠢ ᠳᠤ ᠬᠠᠳᠠᠩᠰᠢᠭᠤᠯᠵᠤ᠂ 16 ᠨᠡᠶᠢᠲᠡ ᠶᠢᠨ ᠠᠰᠠᠷᠠᠮᠵᠢ  ᠶᠢᠨ ᠦᠵᠡᠭᠳᠡᠯᠲᠦ ᠵᠦᠴᠦᠭᠡ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠳᠡᠯᠭᠡᠨ ᠦᠵᠡᠭᠦᠯᠵᠦ᠂ ᠪᠣᠯᠪᠠᠰᠤᠨ ᠬᠤᠷᠢᠮ ᠤᠨ ᠵᠠᠩᠰᠢᠯ  ᠢ ᠶᠠᠷᠢᠯᠴᠠᠬᠤ ᠬᠠᠯᠠᠭᠤᠨ ᠥᠷᠨᠢᠯᠲᠡ ᠭᠠᠷᠭᠠᠵᠤ᠂  ᠣᠯᠠᠨ ᠲᠦᠮᠡᠨ ᠤ ᠬᠦᠷᠢᠶᠡᠯᠡᠯ ᠢ ᠤᠯᠵᠠᠢ᠃ ︽ᠬᠤᠪᠢ ᠬᠤᠷᠠᠮᠳᠤᠭᠤᠯᠬᠤ ᠳᠦᠷᠢᠮ︾ ︽ᠲᠠᠭᠤᠷᠢᠶᠠᠯ ᠤᠨ ᠬᠠᠷ᠎ᠠ ᠰᠠᠮᠪᠠᠷ᠎ᠠ︾ ᠨᠢ ᠮᠠᠯᠴᠢᠳ ᠤᠨ ᠰᠢᠯᠢᠳᠡᠭ ᠪᠣᠯᠬᠤ ᠪᠠᠷ ᠴᠢᠷᠮᠠᠶᠢᠵᠤ ᠲᠡᠷᠢᠭᠦᠨ ᠤ ᠬᠢ ᠶᠢ ᠡᠭᠦᠳᠬᠦ ᠢᠳᠡᠪᠬᠢᠵᠢᠯ ᠢ ᠬᠥᠭᠵᠢᠭᠡᠵᠦ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠶᠢᠨ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠠᠶᠢᠭᠤᠯᠤᠭᠰᠠᠨ ᠨᠡᠶᠢᠲᠡ 101 ︽ᠪᠣᠯᠪᠠᠰᠤᠨ ᠤ ᠬᠡᠲᠦ ᠳᠡᠯᠭᠡᠭᠦᠷ︾  ᠨᠢ᠂ ᠮᠠᠯᠴᠢᠳ ᠰᠠᠶᠢᠨ ᠲᠤᠷ᠎ᠠ ᠶᠢᠨ ᠦᠢᠯᠡᠴᠢᠯᠡᠭᠡ ᠳᠤ ᠤᠷᠤᠯᠴᠠᠨ ᠬᠤᠪᠢ ᠬᠤᠷᠠᠮᠳᠤᠭᠤᠯᠬᠤ ᠪᠠᠷ ᠲᠠᠮᠵᠢᠨ᠂ ᠬᠡᠷᠡᠭᠴᠡᠭᠡᠲᠠᠢ ᠪᠤᠳᠠᠰ ᠢᠶᠠᠨ ᠰᠣᠯᠢᠵᠤ  ᠪᠤᠯᠳᠠᠭ᠃     ᠡᠶᠢᠨᠬᠦ ᠤᠯᠠᠮᠵᠢᠯᠠᠯᠲᠤ ᠴᠠᠭᠠᠨ ᠰᠠᠷ᠎ᠠ ᠶᠢᠨ ᠲᠠᠰᠢᠷᠠᠮ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠮᠠᠯᠵᠢᠬᠤ ᠤᠷᠤᠨ ᠤ ᠰᠢᠨ᠎ᠡ ᠲᠦᠷᠢ ᠲᠦᠷᠬᠦ ᠶᠢ  ᠲᠠᠰᠤᠷᠠᠯᠲᠠ ᠦᠭᠡᠢ ᠡᠭᠦᠳᠦᠨ᠂ ᠦᠷᠭᠡᠨ ᠤᠯᠠᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠴᠤᠭᠴᠠᠯᠠᠵᠤ᠂ ᠵᠤᠯ ᠵᠢᠷᠭᠠᠯᠲᠤ ᠲᠦᠷᠦᠭᠳᠡᠯ᠂ ᠬᠦᠷᠳᠡᠮᠵᠢᠲᠦ ᠲᠦᠷᠦᠭᠳᠡᠯ ᠢ ᠲᠠᠰᠤᠷᠠᠯᠲᠠ ᠦᠭᠡᠢ  ᠨᠡᠮᠡᠭᠳᠡᠬᠦᠯᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号