ᠰᠣᠷᠪᠣᠯᠵᠢᠯᠠᠭᠴᠢ ᠦᠨᠳᠦᠰᠦᠨ ᠱᠠᠲᠣᠨ ᠳᠤ᠄                    ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠰᠠᠷ᠎ᠠ ᠶᠢᠨ ᠪᠠᠷᠠᠭᠠᠨ ᠤ ︽ᠬᠠᠯᠠᠭᠤᠨ ᠪᠣᠷᠤᠯᠠᠭᠤᠯᠭ᠎ᠠ︾  ᠨᠢ ᠰᠢᠨ᠎ᠡ ᠵᠢᠯ ᠤᠨ ᠠᠭᠤᠷ ᠠᠮᠢᠰᠬᠤᠯ ᠢᠶᠠᠷ ᠪᠢᠯ᠊
ᠨᠡᠶᠢᠲᠡᠯᠡᠭᠰᠡᠨ ᠴᠠᠭ᠄
2025/2/7
     ᠪᠠᠶᠠᠷᠲᠣ ᠴᠠᠭᠠᠨ ᠰᠠᠷ᠎ᠠ ᠤᠯᠠᠮ ᠠᠴᠠ ᠤᠯᠠᠮ ᠣᠶᠢᠷᠠᠳᠬᠤ ᠪᠠᠷ᠂ ᠪᠠᠷᠠᠭᠤᠨ ᠦᠵᠦᠮᠦᠴᠢᠨ ᠬᠤᠰᠢᠭᠤᠨ ᠤ ᠵᠡᠭᠡᠯᠢ ᠭᠤᠳᠤᠮᠵᠢ ᠪᠠᠷ ᠥᠩᠭᠡᠲᠦ ᠳ᠋ᠧᠩ ᠠᠰᠠᠵᠤ᠂ ᠭᠠᠵᠠᠷ ᠪᠣᠯᠭᠠᠨ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠵᠤ᠂ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠪᠣᠯ ᠰᠢᠨ᠎ᠡ ᠵᠢᠯ ᠤᠨ ᠨᠢᠭᠡᠨ ᠴᠢᠬᠤᠯᠠ ᠭᠤᠭᠴᠤᠭ᠎ᠠ  ᠪᠠᠶᠢᠵᠤ᠂ ᠡᠭᠦᠨ ᠳᠤ ᠬᠥᠮᠥᠰ ᠤᠨ ᠰᠢᠨ᠎ᠡ ᠨᠢᠭᠡ ᠵᠢᠯ ᠤᠨ ᠵᠣᠯ ᠵᠢᠷᠭᠠᠯᠲᠤ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠠᠭᠤᠯᠤᠭᠳᠠᠵᠤ ᠪᠠᠶᠢᠳᠠᠭ᠃ ᠠᠮᠢᠳᠤᠷᠠᠯ ᠤᠨ ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠴᠠᠭᠠᠨ ᠰᠠᠷ᠎ᠠ ᠶᠢᠨ ᠪᠠᠷᠠᠭ᠎ᠠ ᠶᠢᠨ ᠲᠥᠷᠥᠯ ᠵᠦᠢᠯ ᠴᠦ ᠤᠯᠠᠮ ᠪᠠᠶᠠᠯᠢᠭᠵᠢᠪᠠ᠃     ᠣᠶᠢᠷ᠎ᠠ ᠳᠤ᠂ ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ  ᠱᠢ ᠮᠠᠨ ᠴᠡᠴᠡᠭ ᠤᠨ ᠳᠡᠯᠭᠡᠭᠦᠷ ᠲᠤ ᠬᠦᠷᠬᠦ ᠳᠤ᠂ ᠳᠡᠯᠭᠡᠭᠦᠷ ᠤᠨ ᠡᠵᠡᠨ ᠡᠯ᠎ᠡ ᠵᠦᠢᠯ ᠤᠨ ᠰᠣᠷᠭᠤᠭ ᠴᠡᠴᠡᠭ   ᠢ ᠨᠠᠷᠢᠨ ᠨᠢᠮᠪᠠᠢ ᠲᠠᠭᠠᠷᠠᠭᠤᠯᠵᠤ᠂ ᠪᠣᠭᠤᠳᠠᠯᠯᠠᠬᠤ ᠪᠠᠷ ᠶᠠᠭᠠᠷᠠᠯᠳᠤᠵᠤ ᠪᠠᠶᠢᠯ᠎ᠠ᠃        ︽ᠲᠠ ᠭᠡᠷ ᠲᠡᠭᠡᠨ ᠲᠠᠯᠪᠢᠬᠤ ᠶᠤᠮ ᠦᠦ᠂ ᠬᠥᠮᠥᠨ ᠳᠤ ᠬᠦᠷᠭᠡᠬᠦ ᠶᠤᠮ ᠦᠦ︖︾ ᠭᠡᠵᠦ  ᠵᠤᠴᠢᠨ ᠠᠴᠠ ᠠᠰᠠᠭᠤᠭᠠᠳ ᠭᠡᠷ ᠲᠡᠭᠡᠨ ᠲᠠᠯᠪᠢᠬᠤ ᠶᠢ ᠮᠡᠳᠡᠭᠰᠡᠨ ᠤ ᠳᠠᠷᠠᠭ᠎ᠠ᠂ ᠳᠡᠯᠭᠡᠭᠦᠷ ᠤᠨ ᠡᠵᠡᠨ ᠪᠠᠯᠤ ᠮᠣᠳᠣ ᠶᠢ ᠲᠠᠨᠢᠯᠴᠠᠭᠤᠯᠵᠣ᠂ ᠪᠠᠯᠤ ᠮᠣᠳᠣ ᠪᠣᠯ ᠮᠠᠰᠢ ᠲᠣᠬᠢᠷᠠᠮᠵᠢᠲᠠᠢ᠂ ᠪᠠᠯᠤ ᠮᠣᠳᠣ ᠤᠨ ᠦᠷ᠎ᠡ ᠵᠢᠮᠢᠰ ᠨᠢ ᠤᠯᠠᠭᠠᠨ ᠥᠩᠭᠡ ᠪᠠᠷ ᠳᠦᠭᠦᠷᠡᠩ ᠪᠠᠶᠢᠳᠠᠭ᠂ ᠲᠡᠷᠡ ᠨᠢ ᠥᠯᠵᠡᠢ ᠪᠡᠯᠭᠡ ᠲᠠᠢ᠂ ᠭᠠᠯ ᠤᠯᠠᠭᠠᠨ᠂ ᠭᠡᠷ ᠪᠦᠯᠢ ᠳᠤ ᠵᠣᠯ ᠵᠢᠷᠭᠠᠯ ᠠᠪᠴᠢᠷᠠᠵᠤ ᠥᠭᠬᠦ   ᠶᠢ ᠪᠡᠯᠭᠡᠳᠡᠵᠦ ᠪᠠᠶᠢᠳᠠᠭ ᠭᠡᠵᠤ ᠲᠠᠨᠢᠯᠴᠠᠭᠤᠯᠪᠠ᠃      ᠲᠢᠶᠠᠨ ᠶᠣᠸᠠᠨ ᠪᠢᠳᠡᠨ ᠳᠤ᠄ ︽ᠴᠠᠭᠠᠨ ᠰᠠᠷ᠎ᠠ ᠶᠢᠨ ᠪᠠᠶᠠᠷ  ᠢᠶᠠᠷ ᠬᠦᠮᠦᠰ ᠰᠣᠷᠭᠤᠭ ᠴᠡᠴᠡᠭ ᠠᠪᠴᠤ᠂ ᠭᠡᠷ ᠣᠷᠣᠨ ᠢᠶᠠᠨ  ᠴᠢᠮᠡᠭᠯᠡᠳᠡᠭ᠂ ᠡᠨᠡ ᠬᠡᠳᠦᠨ ᠡᠳᠦᠷ ᠤᠨ ᠵᠠᠬᠢᠶᠠᠯᠠᠭ᠎ᠠ ᠴᠤ ᠮᠠᠰᠢ ᠠᠷᠪᠢᠨ ᠪᠠᠶᠢᠨ᠎ᠠ᠂ ᠬᠡᠳᠦᠶᠢᠪᠡᠷ ᠮᠠᠰᠢ ᠶᠠᠭᠠᠷᠠᠤ ᠪᠣᠯᠪᠠᠴᠤ ᠵᠣᠴᠢᠳ ᠤᠨ ᠰᠠᠨᠠᠭᠠᠨ ᠳᠤ ᠭᠦᠷᠦᠭᠰᠡᠨ   ᠢ ᠦᠵᠡᠭᠡᠳ ᠪᠡᠨ᠎ᠡ ᠲᠠᠢ ᠰᠠᠨᠠᠭᠳᠠᠭᠰᠠᠨ ᠪᠠᠶᠢᠨ᠎ᠠ ︾ ᠭᠡᠵᠡᠢ᠃ ᠴᠥᠭᠡᠨ ᠪᠤᠰᠤ ᠵᠣᠴᠢᠳ ᠤᠨ ᠬᠡᠯᠡᠬᠦ ᠪᠠᠷ᠂ ᠨᠣᠭᠤᠭᠠᠨ ᠤᠷᠭᠤᠮᠠᠯ ᠲᠠᠢ ᠠᠳᠠᠯᠢᠳᠬᠠᠪᠠᠯ᠂ ᠰᠣᠷᠭᠤᠭ ᠴᠡᠴᠡᠭ ᠤᠨ ᠥᠩᠭᠡ ᠪᠤᠳᠤᠭ ᠨᠢ ᠨᠠᠩ ᠴᠤ ᠬᠥᠮᠥᠨ ᠤ ᠰᠡᠳᠬᠢᠯ ᠢ ᠬᠥᠳᠡᠯᠭᠡᠨ᠎ᠡ᠂ ᠰᠣᠷᠭᠤᠭ ᠴᠡᠴᠡᠭ ᠨᠢ ᠭᠡᠷ ᠤᠨ ᠡᠳ᠋ᠯᠡᠯ ᠬᠡᠷᠡᠭᠰᠡᠯ ᠢ ᠴᠢᠮᠡᠭᠯᠡᠬᠦ ᠪᠠᠷ ᠪᠠᠷᠠᠬᠤ ᠦᠭᠡᠢ ᠪᠠᠰᠠ ᠰᠠᠶᠢᠨ ᠰᠠᠶᠢᠬᠠᠨ ᠣᠷᠮ᠎ᠠ ᠰᠡᠳᠬᠢᠯᠭᠡ ᠲᠠᠢ ᠪᠣᠯᠵᠤ᠂ ᠰᠢᠨ᠎ᠡ ᠵᠢᠯ ᠳᠤ ᠭᠤᠶᠣ ᠰᠠᠶᠢᠬᠠᠨ ᠥᠩᠭᠡ ᠪᠤᠳᠤᠭ ᠨᠡᠮᠡᠷᠢᠯᠡᠨ᠎ᠡ ﹀ ᠭᠡᠪᠡ᠃ ᠱᠢ ᠮᠠᠨ ᠴᠡᠴᠡᠭ ᠤᠨ ᠳᠡᠯᠭᠡᠭᠦᠷ ᠤᠨ ᠡᠵᠡᠨ  ᠲᠢᠶᠠᠨ ᠶᠣᠸᠠᠨ      ᠳᠡᠯᠭᠡᠭᠦᠷ ᠤᠨ ᠵᠣᠴᠢᠳ ᠨᠢᠳᠤᠨᠤᠨ ᠤ ᠬᠢ  ᠪᠤᠳᠤᠪᠠᠨᠯ ᠨᠡᠯᠢᠶᠡᠳ ᠣᠯᠠᠨ ᠪᠠᠶᠢᠵᠤ᠂ ᠣᠯᠠᠨ ᠢᠶᠠᠷ ᠢᠶᠠᠨ ᠰᠣᠷᠭᠤᠭ ᠴᠡᠴᠡᠭ ᠬᠤᠳᠠᠯᠳᠤᠨ ᠠᠪᠤᠭᠰᠠᠨ ᠨᠢ ᠣᠨᠴᠠᠭᠠᠶ ᠣᠯᠠᠨ᠃ ᠵᠢᠯ ᠴᠠᠭᠠᠨ ᠰᠠᠷ᠎ᠠ ᠳᠤ ᠰᠣᠷᠭᠤᠭ ᠴᠡᠴᠡᠭ  ᠢᠶᠠᠷ ᠭᠡᠷ ᠣᠷᠣᠨ ᠢᠶᠠᠨ ᠴᠢᠮᠡᠭᠯᠡᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠶᠢ ᠨᠡᠮᠡᠭᠳᠡᠭᠦᠯᠳᠡᠭ ᠪᠠᠶᠢᠨ᠎ᠠ᠃ ᠮᠢᠨᠤ ᠠᠳᠡᠬᠢ ᠶᠢᠨ ᠵᠣᠴᠢᠳ ᠤᠨ 90% ᠨᠢ ᠴᠥᠮ ᠵᠠᠯᠠᠭᠤ ᠬᠥᠮᠥᠰ  ᠪᠠᠶᠢᠵᠤ᠂ ᠰᠢᠨᠡᠭᠡᠨ ᠭᠡᠷ ᠣᠷᠣᠨ ᠢᠶᠠᠨ ᠰᠢᠨ᠎ᠡ ᠰᠣᠷᠭᠤᠭ ᠬᠤᠸᠠᠷ ᠴᠡᠴᠡᠭ ᠢᠶᠠᠷ ᠴᠢᠮᠡᠭᠯᠡᠵᠤ᠂ ᠥᠩᠭᠡ ᠨᠡᠮᠡᠳᠡᠭ ᠪᠠᠶᠢᠨ᠎ᠠ᠃      ᠬᠤᠳᠠᠯᠳᠤᠭᠠᠨ ᠤ ᠲᠠᠯᠠᠪᠤᠷ ᠲᠤ ᠰᠢᠨ᠎ᠡ ᠵᠢᠯ ᠤᠨ ᠪᠠᠷᠠᠭᠠᠨ ᠤ ᠬᠠᠯᠠᠭᠤᠨ ᠤᠷᠤᠰᠬᠠᠯ ᠣᠷᠭᠢᠯᠵᠤ ᠪᠠᠶᠢᠨ᠎ᠠ᠃ ᠬᠤᠳᠠᠯᠳᠤᠭᠠᠨ ᠤ ᠲᠠᠯᠠᠪᠤᠷ ᠲᠤ ᠣᠷᠣᠬᠤ ᠳᠤ ᠬᠦᠷ ᠨᠠᠷᠭᠢᠶᠠᠨ ᠲᠠᠢ ᠠᠭᠤᠷ ᠠᠮᠢᠰᠬᠤᠯ ᠢᠶᠠᠷ  ᠪᠢᠯᠬᠠᠵᠤ᠂ ᠪᠠᠷᠠᠭᠠᠨ ᠤ ᠲᠠᠯᠪᠢᠭᠤᠷ ᠳᠡᠭᠡᠷ᠎ᠡ᠂ ᠤᠯᠠᠮᠵᠢᠯᠠᠯᠲᠤ ᠬᠠᠲᠠᠭᠤ ᠵᠢᠮᠢᠰ᠂ ᠪᠣᠭᠤᠷᠰᠤᠭ ᠢ ᠲᠡᠷᠢ ᠲᠡᠭᠰᠢ ᠵᠢᠭᠰᠠᠭᠠᠵᠤ᠂ ᠭᠤᠶᠣ ᠰᠠᠶᠢᠬᠠᠨ ᠴᠠᠭᠠᠨ ᠰᠠᠷ᠎ᠠ   ᠶᠢᠨ ᠪᠡᠯᠡᠭ ᠤᠨ ᠡᠳ᠋ ᠨᠢᠳᠦ ᠳᠦᠭᠦᠷᠡᠩ ᠬᠠᠷᠠᠭᠳᠠᠨ᠎ᠠ᠃ ᠵᠣᠴᠢᠳ ᠨᠠᠰᠢ ᠴᠠᠰᠢ ᠰᠦᠯᠵᠢᠯᠳᠦᠵᠦ᠂ ᠲᠣᠭᠤᠭᠰᠠᠨ ᠴᠠᠭᠠᠨ ᠰᠠᠷ᠎ᠠ ᠶᠢᠨ ᠪᠠᠷᠠᠭ᠎ᠠ ᠪᠠᠨ ᠨᠠᠷᠢᠨ ᠨᠢᠮᠪᠠᠢ ᠰᠣᠩᠭᠤᠵᠤ  ᠪᠠᠶᠢᠯ᠎ᠠ᠃ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠴᠤ ᠪᠠᠶᠢᠭ᠎ᠠ ᠨᠢᠭᠡᠨ ᠰᠠᠭᠤᠭᠠᠯᠢ ᠠᠷᠠᠳ ᠰᠤᠷᠪᠤᠯᠵᠢᠯᠠᠭᠴᠢ ᠳᠤ᠄ ︽ᠴᠠᠭᠠᠨ ᠰᠠᠷ᠎ᠠ ᠪᠣᠯ ᠳᠠᠷᠤᠢ ᠭᠡᠷ ᠤᠨ ᠬᠥᠮᠥᠰ ᠲᠠᠢ ᠪᠠᠨ ᠬᠠᠮᠲᠤ ᠪᠠᠷ ᠡᠯᠪᠡᠭ ᠳᠡᠯᠪᠡᠭ ᠴᠠᠭᠠᠨ ᠰᠠᠷ᠎ᠠ   ᠶᠢᠨ ᠪᠠᠷᠠᠭ᠎ᠠ ᠪᠡᠯᠡᠳᠬᠡᠵᠦ᠂ ᠣᠯᠠᠨ ᠢᠶᠠᠷ ᠢᠶᠠᠨ ᠨᠢᠭᠡ ᠳᠣᠣᠷ᠎ᠠ ᠴᠤᠭᠯᠠᠷᠠᠨ᠂ ᠬᠥᠷ ᠬᠥᠭᠵᠢᠶᠡᠨ ᠲᠠᠢ ᠪᠠᠶᠢᠳᠠᠭ︾ ᠭᠡᠵᠦ ᠬᠡᠯᠡᠵᠡᠢ᠃ ᠳ᠋ᠧ ᠺᠧ ᠯᠥᠩ ᠴᠠᠭ ᠦᠶ᠎ᠡ ᠶᠢᠨ  ᠠᠭᠤᠳᠠᠮ ᠲᠠᠯᠠᠪᠠᠢ ᠶᠢᠨ ᠳᠡᠯᠭᠡᠭᠦᠷ ᠤᠨ ᠳᠠᠷᠤᠭ᠎ᠠ ᠵᠤᠤ  ᠱᠤᠤ ᠸᠧᠢ ᠄︿ᠳᠡᠯᠭᠡᠭᠦᠷ ᠲᠤ ᠤᠳᠤ ᠠᠮᠤ ᠪᠤᠳᠠᠭ᠎ᠠ ᠢᠳᠡᠰᠢᠨ ᠲᠣᠰᠣ᠂ ᠬᠤᠯᠢᠰᠢᠨ ᠢᠳᠡᠭᠡᠨ ᠤ ᠠᠮᠲᠠ ᠣᠷᠣᠭᠤᠯᠬᠤ ᠡᠳ᠋᠂ ᠵᠢᠮᠢᠰ ᠨᠣᠭᠤᠭ᠎ᠠ ᠵᠡᠷᠭᠡ ᠶᠢᠨ ᠬᠡᠰᠡᠭ ᠪᠡᠯᠡᠭ ᠤᠨ ᠬᠠᠶᠢᠷᠴᠠᠭ ᠨᠡᠯᠢᠶᠡᠳ ᠰᠠᠶᠢᠨ ᠪᠣᠷᠣᠯᠠᠭᠤᠯᠤᠭᠳᠠᠵᠤ ᠪᠠᠶᠢᠨ᠎ᠠ᠃ ᠢᠳᠡᠭᠡᠨ ᠤ ᠠᠮᠤᠷ ᠲᠦᠪᠰᠢᠨ ᠤ ᠲᠠᠯ᠎ᠠ ᠪᠠᠷ᠂ ᠳᠡᠯᠭᠡᠭᠦᠷ ᠤᠨ ᠳᠣᠲᠣᠷ᠎ᠠ ᠪᠠᠨ ᠤᠭ ᠦᠨᠳᠦᠰᠦ ᠶᠢ ᠨᠢ ᠡᠷᠢᠬᠦ ᠠᠵᠢᠯ ᠢ ᠵᠣᠬᠢᠶᠠᠨ  ᠪᠠᠶᠢᠭᠤᠯᠵᠣ᠂ ᠪᠠᠶᠠᠷ ᠤᠨ ᠡᠳᠦᠷ ᠠᠴᠠ ᠡᠮᠦᠨ᠎ᠡ ᠥᠷᠭᠡᠨ ᠣᠯᠠᠨ ᠠᠷᠠᠳ ᠲᠦᠮᠡᠨ ᠤ  ᠰᠡᠳᠬᠢᠯ ᠬᠠᠨᠤᠮᠵᠢᠲᠠᠶ ᠢᠳᠡᠭᠡᠨ ᠬᠡᠷᠡᠭᠯᠡᠬᠦ   ᠶᠢ  ᠪᠠᠲᠣᠯᠠᠵᠤ ᠪᠤᠢ᠃    ᠬᠤᠣᠰ ᠤᠶᠠᠩᠭ᠎ᠠ ᠶᠢᠨ ᠬᠤᠳᠠᠯᠳᠤᠭᠠᠨ ᠤ ᠲᠣᠭᠤᠷᠢᠭ ᠲᠤ ᠨᠡᠩ ᠴᠤ ᠬᠦᠷ ᠬᠥᠭᠵᠢᠶᠡᠨ ᠲᠠᠢ  ᠪᠠᠶᠢᠯ᠎ᠠ᠃ ᠴᠠᠭᠠᠨ ᠰᠠᠷ᠎ᠠ   ᠶᠢᠨ ᠬᠤᠣᠰ ᠤᠶᠠᠩᠭ᠎ᠠ᠂ ᠪᠠᠶᠠᠷ ᠤᠨ ᠪᠡᠯᠭᠡᠲᠦ ᠪᠢᠴᠢᠭᠡᠰᠦ ᠨᠢ ᠰᠢᠨ᠎ᠡ ᠵᠢᠯ ᠤᠨ ᠰᠠᠶᠢᠨ ᠰᠠᠶᠢᠬᠠᠨ ᠢᠷᠦᠭᠡᠯ ᠢ ᠳᠦᠭᠦᠷᠡᠩ ᠪᠢᠴᠢᠭᠯᠡᠭᠰᠡᠨ ᠪᠠᠶᠢᠯ᠎ᠠ᠃ ᠴᠥᠭᠡᠨ ᠪᠤᠰᠤ ᠰᠠᠭᠤᠭᠠᠯᠢ ᠠᠷᠠᠳ ᠬᠡᠦᠬᠡᠳ ᠢᠶᠠᠨ ᠳᠠᠭᠠᠭᠤᠯᠤᠨ ᠢᠷᠡᠵᠦ ᠰᠢᠯᠢᠨ ᠰᠣᠩᠭᠤᠨ ᠲᠤᠬᠠᠢ ᠶᠢᠨ ᠲᠠᠯᠠᠪᠠᠢ ᠳᠤ ᠪᠠᠶᠠᠷ ᠬᠦᠷ ᠢᠶᠠᠷ ᠪᠢᠯᠬᠠᠵᠤ ᠪᠠᠶᠢᠯ᠎ᠠ᠃ ᠳᠡᠯᠭᠡᠭᠦᠷ ᠤᠨ ᠡᠵᠡᠨ ᠵᠣᠴᠢᠳ ᠲᠤ ᠬᠤᠣᠰ ᠤᠶᠠᠩᠭ᠎ᠠ ᠪᠦᠷᠢ ᠶᠢᠨ ᠤᠳᠬ᠎ᠠ ᠶᠢ ᠬᠦᠯᠢᠴᠡᠩᠭᠦᠢ ᠪᠠᠷ ᠲᠠᠨᠢᠯᠴᠠᠭᠤᠯᠵᠤ᠂ ᠵᠣᠴᠢᠳ ᠴᠦ ᠥᠪᠡᠷ ᠤᠨ ᠰᠠᠨᠠᠭᠠᠨ ᠳᠤ ᠪᠠᠨ ᠨᠡᠶᠢᠴᠡᠬᠦ  ᠬᠤᠣᠰ ᠣᠶᠠᠩᠭ᠎ᠠ ᠶᠢ ᠬᠤᠳᠠᠯᠳᠤᠨ ᠠᠪᠴᠤ ᠴᠢᠳᠠᠭᠰᠠᠨ ᠪᠠᠶᠢᠨ᠎ᠠ  ᠃      ᠬᠠᠭᠤᠷᠤᠭᠰᠠᠨ ᠪᠠᠷᠠᠭ᠎ᠠ ᠠᠩᠬᠢᠯᠤᠮ᠎ᠠ ᠰᠠᠶᠢᠬᠠᠨ ᠦᠨᠦᠷ ᠬᠠᠩᠬᠤᠯᠠᠨ᠎ᠠ᠃  ᠬᠠᠭᠤᠷᠤᠭᠰᠠᠨ ᠪᠠᠷᠠᠭ᠎ᠠ ᠶᠢᠨ ᠳᠡᠯᠭᠡᠭᠦᠷ ᠲᠤ ᠣᠷᠣᠬᠤ ᠳᠤ᠂ ᠡᠯ᠎ᠡ ᠵᠦᠢᠯ ᠤᠨ ᠨᠠᠷᠠᠨ ᠬᠤᠸᠠᠷ ‍ᠣᠨ‌ᠦᠷ᠎ᠡ᠂ ᠯᠣᠬᠠᠱᠧᠩ᠂ ᠬᠦᠢᠯᠡᠰᠦᠨ ᠴᠥᠮ᠎ᠡ ᠵᠡᠷᠭᠡ ᠬᠠᠭᠤᠷᠤᠯᠭ᠎ᠠ ᠶᠢᠨ ᠠᠩᠬᠢᠯᠤᠮ᠎ᠠ ᠦᠨᠦᠷ ᠬᠠᠩᠬᠤᠯᠵᠤ  ᠂ ᠳᠡᠯᠭᠡᠭᠦᠷ ᠲᠤ ᠵᠣᠴᠢᠳ ᠳᠦᠭᠦᠷᠴᠦ᠂ ᠳᠡᠯᠭᠡᠭᠦᠷ ᠤᠨ ᠡᠵᠡᠨ ᠨᠢ ᠵᠣᠴᠢᠳ ᠲᠤ ᠪᠠᠷᠠᠭ᠎ᠠ ᠵᠢᠩᠯᠡᠵᠦ᠂ ᠤᠭᠤᠲᠠᠯᠠᠵᠤ ᠥᠭᠬᠦ ᠪᠠᠷ ᠶᠠᠭᠠᠷᠠᠯᠳᠤᠨ᠎ᠠ᠃ ︽ᠴᠠᠭᠠᠨ ᠰᠠᠷ᠎ᠠ   ᠶᠢᠨ ᠬᠤᠭᠤᠴᠠᠭᠠᠨ ᠳᠤ ᠬᠠᠭᠤᠷᠤᠭᠰᠠᠨ ᠪᠠᠷᠠᠭ᠎ᠠ ᠪᠣᠯ ᠳᠤᠲᠠᠭᠳᠠᠵᠤ ᠪᠣᠯᠣᠰᠢ ᠦᠭᠡᠢ ᠵᠦᠢᠯ ᠮᠥᠨ᠂ ᠭᠡᠷ ᠬᠤᠲᠠᠯᠠᠭᠠᠷ ᠢᠶᠠᠷ ᠢᠶᠠᠨ ᠲᠣᠭᠤᠷᠢᠨ ᠰᠠᠭᠤᠵᠤ ᠲᠧᠯᠸᠢᠰ ᠦᠵᠡᠵᠦ᠂ ᠵᠣᠭᠤᠭᠳᠠᠨ᠂ ᠬᠠᠭᠤᠷᠤᠭᠰᠠᠨ ᠢᠳᠡᠭᠡᠨ ᠢᠳᠡᠬᠦ  ᠨᠢ ᠮᠠᠰᠢ ᠬᠠᠯᠠᠭᠤᠨ ᠳᠣᠲᠣᠨᠣ ᠪᠠᠶᠢᠳᠠᠭ︾ ᠭᠡᠵᠦ ᠨᠢᠭᠡ ᠵᠣᠴᠢᠨ ᠬᠡᠯᠡᠪᠡ᠃       ᠳᠡᠯᠭᠡᠭᠦᠷ ᠤᠨ ᠡᠵᠡᠨ ᠤ ᠬᠡᠯᠡᠬᠦ ᠪᠠᠷ᠂ ᠡᠨᠡ ᠬᠡᠳᠦᠨ ᠡᠳᠦᠷ ᠠᠷᠠᠯᠵᠢᠶ᠎ᠠ ᠮᠠᠶᠢᠮᠠᠢ ᠲᠤᠶᠢᠯ ᠤᠨ ᠬᠥᠭᠵᠢᠶᠡᠨ ᠲᠠᠢ᠂ ᠡᠯᠳᠡᠪ ᠵᠦᠢᠯ ᠤᠨ ᠠᠮᠲᠠ ᠲᠠᠢ ᠬᠠᠭᠤᠷᠤᠭᠰᠠᠨ ᠪᠠᠷᠠᠭ᠎ᠠ ᠨᠢ ᠴᠥᠮ ᠬᠥᠮᠥᠰ ᠤᠨ ᠬᠦᠷᠢᠶᠡᠯᠡᠯ ᠢ ᠣᠯᠵᠤ ᠪᠠᠶᠢᠨ᠎ᠠ᠂ ᠬᠠᠭᠤᠷᠤᠭᠰᠠᠨ ᠢᠳᠡᠭᠡᠨ ᠨᠢ ᠨᠢᠭᠡ ᠵᠦᠢᠯ ᠤᠨ ᠠᠮᠲᠠᠲᠤ ᠢᠳᠡᠭᠡᠨ ᠪᠣᠯᠬᠤ ᠪᠠᠷ ᠪᠠᠷᠠᠬᠤ ᠦᠭᠡᠢ᠂ ᠨᠠᠩ ᠴᠤ ᠮᠠᠰᠢ ᠣᠯᠠᠨ ᠬᠥᠮᠥᠨ ᠤ ᠪᠠᠭ᠎ᠠ ᠶᠢᠨ ᠦᠶ᠎ᠡ  ᠶᠢᠨ ᠳᠤᠷᠠᠰᠤᠮᠵᠢ ᠪᠠᠶᠢᠵᠤ᠂ ᠰᠢᠨ᠎ᠡ ᠵᠢᠯ ᠤᠨ ᠦᠨᠦᠷ ᠠᠮᠲᠠ ᠶᠢ ᠠᠴᠢᠶᠠᠯᠠᠵᠤ ᠪᠠᠶᠢᠳᠠᠭ  ᠃         ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠰᠠᠷ᠎ᠠ ᠶᠢᠨ ᠪᠠᠷᠠᠭ᠎ᠠ ᠶᠢᠨ ᠵᠠᠬ᠎ᠠ ᠳᠡᠯᠭᠡᠭᠦᠷ ᠤᠨ ᠬᠥᠭᠵᠢᠶᠡᠨᠲᠦ ᠪᠠᠶᠢᠳᠠᠯ ᠪᠣᠯ ᠬᠥᠮᠥᠰ ᠤᠨ ᠰᠢᠨ᠎ᠡ ᠵᠢᠯ ᠤᠨ ᠬᠦᠰᠡᠯ ᠡᠷᠡᠮᠡᠯᠵᠡᠯ ᠪᠣᠯᠬᠤ ᠪᠥᠭᠡᠳ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯᠣᠨ᠎ᠠ᠃ ᠠᠷᠠᠳ ᠣᠯᠠᠨ ᠤ ᠠᠮᠤᠷ ᠲᠠᠶᠢᠪᠤᠩ ᠡᠷᠡᠭᠦᠯ ᠮᠡᠨᠳᠦ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠠᠶᠠᠷ ᠤᠨ ᠡᠳᠦᠷ ᠠᠴᠠ ᠡᠮᠦᠨ᠎ᠡ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ᠂ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠵᠡᠷᠭᠡ ᠲᠠᠯᠠᠪᠤᠷ ᠲᠤ ᠭᠦᠨᠵᠡᠭᠡᠶᠢᠷᠡᠨ᠂ ᠪᠥᠬᠦ ᠲᠠᠯ᠎ᠠ ᠶᠢᠨ ᠪᠠᠶᠢᠴᠠᠭᠠᠯᠲᠠ ᠶᠢ ᠥᠷᠨᠢᠭᠦᠯᠪᠡ᠃ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠤᠨ ᠲᠠᠯ᠎ᠠ ᠪᠠᠷ᠂ ᠦᠨ᠎ᠡ ᠬᠠᠩᠰᠢ ᠶᠢᠨ ᠮᠡᠬᠡᠯᠡᠯ ᠵᠡᠷᠭᠡ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠤᠨ᠎ᠠ︔ ᠢᠳᠡᠭᠡᠨ ᠤ ᠠᠶᠤᠯᠭᠦᠢ ᠶᠢᠨ ᠪᠠᠶᠢᠴᠠᠭᠠᠯᠲᠠ ᠳᠤ᠂ ᠢᠳᠡᠭᠡᠨ ᠤ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠪᠠ ᠴᠢᠨᠠᠷ ᠢ ᠪᠠᠲᠤᠯᠠᠬᠤ ᠬᠤᠭᠤᠴᠠᠭ᠎ᠠ ᠶᠢ ᠨᠠᠷᠢᠨ ᠨᠢᠮᠪᠠᠢ ᠬᠠᠷᠭᠤᠭᠤᠯᠵᠤ᠂ ᠲᠠᠯᠳᠠ ᠭᠡᠮ ᠢ ᠠᠷᠢᠯᠭᠠᠨ᠎ᠠ︔ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠢ ᠶᠢᠨ ᠪᠠᠶᠢᠴᠠᠭᠠᠯᠲᠠ ᠶᠢ ᠵᠡᠷᠭᠡ ᠪᠠᠷ ᠲᠦᠯᠬᠢᠨ ᠠᠬᠢᠭᠤᠯᠵᠤ᠂ ᠴᠠᠬᠢᠯᠭᠠᠨ ᠱᠠᠲᠤ᠂ ᠵᠤᠭ᠎ᠠ ᠴᠡᠩᠭᠡᠯ ᠤᠨ ᠲᠥᠬᠦᠭᠡᠷᠦᠮᠵᠢ ᠵᠡᠷᠭᠡ ᠲᠤᠨᠤᠭ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠲᠡᠮᠳᠡᠭᠯᠡᠯ ᠪᠠ ᠲᠡᠭᠡᠭᠡᠪᠦᠷᠢ ᠶᠢᠨ ᠪᠠᠶᠢᠳᠠᠯ ᠢ ᠪᠠᠶᠢᠴᠠᠭᠠᠨ ᠦᠵᠡᠵᠦ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠪᠦᠬᠦ ᠲᠠᠯ᠎ᠠ ᠪᠠᠷ ᠰᠠᠬᠢᠨ ᠬᠠᠮᠠᠭᠠᠯᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号