ᠪᠠᠷᠠᠭᠤᠨ ᠦᠵᠦᠮᠦᠴᠢᠨ ᠬᠤᠰᠢᠭᠤ ᠡᠮᠡᠭᠳᠠᠶᠢᠴᠣᠳ ᠲᠤ ᠬᠠᠶᠢᠷ᠎ᠠ ᠬᠠᠯᠠᠮᠵᠢ ᠭᠦᠷᠬᠡᠬᠦ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2025/3/10
   3 ᠰᠠᠷ᠎ᠠ ᠶᠢᠨ 4 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠡᠯ᠎ᠡ ᠰᠤᠮᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ  ᠨᠢ ᠪᠥᠬᠦ ᠬᠤᠰᠢᠭᠤᠨ ᠤ ᠶᠣᠰᠣ ᠰᠤᠷᠲᠠᠬᠤᠨ ᠤ ᠵᠢᠱᠢᠶᠡᠴᠢ᠂ ᠲᠡᠷᠢᠭᠦᠨ ᠤ ᠬᠥᠮᠥᠰ᠂ ᠡᠬᠡ ᠨᠢᠯᠬᠠᠰ ᠤᠨ ᠡᠷᠡᠭᠦᠯᠵᠢᠯ ᠤᠨ ᠲᠦᠪ ᠵᠢᠴᠢ ᠡᠮᠡᠭᠲᠡᠢ ᠠᠵᠤ ᠠᠬᠤᠶᠢᠯᠠᠯᠲᠠᠨ ᠤ ᠨᠡᠶᠢᠭᠡᠮᠯᠢᠭ ᠵᠡᠷᠭᠡ ᠡᠯ᠎ᠡ ᠡᠲᠡᠭᠡᠳ ᠤᠨ ᠡᠮᠡᠭᠲᠡᠢ ᠲᠦᠯᠤᠬᠡᠯᠡᠭᠴᠢ ᠲᠠᠢ ᠬᠠᠮᠲᠤᠷᠠᠨ ᠲᠤᠬᠤᠨᠢᠭᠤᠯᠭ᠎ᠠ  ᠶᠢᠨ ᠠᠵᠢᠯᠯᠠᠭ᠎ᠠ ᠡᠷᠭᠢᠯᠡᠪᠡ᠃    ᠲᠤᠬᠤᠨᠢᠭᠤᠯᠭ᠎ᠠ ᠶᠢᠨ ᠳᠤᠭᠤᠶᠢᠯᠠᠩ ᠨᠢ ᠠᠮᠢᠳᠣᠷᠠᠯ ᠭᠦᠴᠢᠷᠳᠠᠯᠳᠠᠢ ᠡᠷᠦᠬᠡ ᠪᠦᠷᠢ ᠳᠤ ᠠᠮᠢᠳᠤᠷᠠᠯ ᠤᠨ ᠴᠢᠬᠤᠯᠠ ᠬᠡᠷᠡᠭᠰᠡᠯ ᠭᠦᠷᠬᠡᠨ᠂ ᠲᠠᠳᠠᠨ ᠤ ᠠᠮᠢᠳᠣᠷᠠᠯ ᠤᠨᠳᠣᠷᠣᠯᠭ᠎ᠠ ᠶᠢᠨ ᠪᠠᠶᠢᠳᠠᠯ ᠢ ᠨᠢ ᠨᠠᠷᠢᠨ ᠦᠢᠯᠠᠭᠠᠭᠰᠠᠨ ᠤ ᠬᠠᠮᠳᠣ᠂ ᠶᠣᠰᠣ ᠰᠤᠷᠲᠠᠬᠤᠨ ᠤ ᠵᠢᠱᠢᠶᠡᠴᠢ ᠪᠣᠯᠣᠨ ᠲᠡᠷᠢᠭᠦᠨ ᠤ ᠬᠥᠮᠥᠰ ᠤᠨ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠵᠤ᠂ ᠨᠡᠶᠢᠭᠡᠮ ᠳᠤ ᠢᠳᠡᠪᠬᠢᠲᠡᠢ ᠠᠴᠢ ᠬᠠᠷᠢᠭᠤᠯᠠᠭᠰᠠᠨ ᠰᠡᠳᠬᠢᠯ ᠬᠥᠳᠡᠯᠭᠡᠮ᠎ᠡ ᠥᠩᠭᠡᠷᠡᠯᠲᠡ  ᠶᠢ ᠬᠤᠪᠢᠶᠠᠯᠴᠠᠨ᠂  ᠲᠤᠬᠠᠢ ᠶᠢᠨ ᠲᠠᠯᠠᠪᠤᠷ ᠲᠤ ᠪᠠᠶᠢᠭᠰᠠᠨ ᠡᠮᠡᠭᠳᠠᠶᠢᠴᠣᠳ ᠢ ᠭᠦᠨᠵᠡᠭᠡᠢ ᠤᠷᠮᠠᠰᠢᠭᠤᠯᠤᠨ ᠵᠣᠷᠢᠭᠵᠢᠭᠤᠯᠵᠤ᠂ ᠣᠯᠠᠨ ᠢᠶᠠᠷ ᠢᠶᠠᠨ ᠠᠵᠢᠯ ᠤᠨ ᠳᠤᠮᠳᠠ ᠪᠠᠨ ᠡᠷᠡᠯᠬᠡᠭᠯᠡᠨ ᠤᠷᠤᠭᠰᠢᠯᠠᠵᠤ᠂ ᠪᠠᠶᠠᠰᠤᠩᠭᠤᠢ ᠣᠪᠣᠷ  ᠢᠶᠠᠷ ᠠᠮᠢᠳᠤᠷᠠᠯ  ᠳᠠᠭᠠᠨ ᠬᠠᠨᠳᠤᠵᠤ᠂ ᠬᠠᠶᠢᠷ᠎ᠠ ᠬᠠᠯᠠᠮᠵᠢ ᠪᠠᠷ ᠢᠶᠠᠨ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠬᠤ ᠶᠢ ᠵᠣᠷᠢᠭᠵᠢᠭᠤᠯᠵᠠᠢ᠃    ᠡᠮᠡᠭᠲᠡᠢ ᠠᠵᠤ ᠠᠬᠤᠶᠢᠯᠠᠯᠲᠠᠨ ᠤ ᠨᠡᠶᠢᠭᠡᠮᠯᠢᠭ ᠤᠨ ᠲᠥᠯᠥᠭᠡᠯᠡᠭᠴᠢᠳ ᠲᠣᠰ ᠲᠣᠰ ᠤᠨ ᠠᠳᠠᠯ ᠦᠢᠯᠡᠰ ᠴᠣᠭᠴᠠᠯᠠᠭᠰᠠᠨ ᠥᠩᠭᠡᠷᠡᠯᠲᠡ ᠪᠠ ᠠᠮᠵᠢᠯᠲᠠ ᠲᠠᠢ ᠲᠤᠷᠰᠢᠯᠭ᠎ᠠ ᠪᠠᠨ ᠬᠤᠪᠢᠶᠠᠯᠴᠠᠨ᠂ ᠨᠠᠩ ᠣᠯᠠᠨ ᠡᠮᠡᠭᠲᠡᠶᠢᠴᠦᠳ ᠤᠨ ᠬᠦᠰᠡᠯ ᠮᠦᠷᠤᠬᠡᠳᠣᠯ ᠢ ᠵᠣᠷᠢᠭᠲᠠᠢ ᠪᠠᠷ ᠬᠥᠭᠡᠭᠡᠴᠡᠯᠳᠦᠨ᠂ ᠠᠳᠠᠯ ᠦᠢᠯᠡᠰ ᠴᠣᠭᠴᠠᠯᠠᠬᠤ  ᠳᠤ ᠢᠳᠡᠪᠬᠢᠲᠡᠢ ᠤᠷᠤᠯᠴᠠᠬᠤ ᠶᠢ ᠵᠣᠷᠢᠭᠵᠢᠭᠤᠯᠵᠠᠢ᠃    ᠠᠵᠢᠯᠯᠠᠭ᠎ᠠ ᠳᠤ ᠤᠷᠤᠯᠴᠠᠭᠰᠠᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠡᠮᠨᠡᠯᠭᠡ ᠶᠢᠨ ᠬᠤᠷᠢᠶᠠᠨ  ᠤ ᠲᠤᠰᠬᠠᠢ ᠮᠡᠷᠭᠡᠵᠢᠯ ᠤᠨ ᠡᠮᠴᠢ ᠠᠴᠠ ᠡᠮᠡᠭᠳᠠᠶᠢᠴᠣᠳ ᠲᠤ ᠪᠠᠶᠢᠩᠭᠤ ᠲᠣᠬᠢᠶᠠᠯᠳᠤᠳᠠᠭ ᠡᠮᠡᠭᠲᠡᠢ ᠶᠢᠨ ᠡᠪᠡᠳᠴᠢᠨ ᠪᠠ ᠣᠯᠠᠨ ᠡᠭᠦᠰᠳᠡᠭ ᠡᠪᠡᠳᠴᠢᠨ ᠢ ᠰᠡᠷᠭᠡᠶᠢᠯᠡᠬᠦ ᠮᠡᠳᠡᠯᠭᠡ ᠶᠢ ᠨᠠᠷᠢᠨ ᠲᠠᠶᠢᠯᠪᠤᠷᠢᠯᠠᠵᠤ ᠥᠭᠭᠦᠭᠰᠡᠨ ᠪᠥᠭᠡᠳ ᠲᠡᠳᠡᠨ ᠢ ᠤᠷᠢᠵᠤ ᠰᠦᠢᠳᠬᠡᠯ ᠬᠤᠷᠢᠶᠠᠬᠤ ᠦᠭᠡᠢ ᠪᠠᠷ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠭᠤᠯᠵᠤ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠤᠬᠠᠮᠰᠠᠷ ᠪᠠ ᠥᠪᠡᠷ ᠢ ᠪᠠᠨ ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号