3 ᠰᠠᠷ᠎ᠠ ᠶᠢᠨ 5 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ | ᠰᠣᠶᠣᠯ ᠵᠢᠭᠤᠯᠴᠢᠯᠠᠯ ᠤᠨ ᠲᠤᠰᠬᠠᠢ ᠰᠠᠳᠣᠪᠳᠣ ᠪᠤᠯᠪᠠᠰᠣᠷᠠᠯ ᠢ ᠡᠷᠬᠢᠯᠠᠨ ᠶᠠᠪᠤᠭᠳᠠᠭᠤᠯᠪᠠ᠃ ᠰᠣᠶᠣᠯ | ᠵᠢᠭᠤᠯᠴᠢᠯᠠᠯ ᠤᠨ ᠠᠵᠢᠯ ᠲᠥᠷᠥᠯ ᠤᠨ 80 ᠭᠠᠷᠤᠢ ᠠᠵᠢᠯᠲᠠᠨ ᠪᠣᠯᠪᠠᠰᠤᠷᠠᠯ ᠳᠤ ᠣᠷᠣᠯᠴᠠᠵᠠᠢ᠃ | ᠲᠣᠰ ᠤᠳᠠᠭᠠᠨ ᠤ ᠪᠤᠯᠪᠠᠰᠣᠷᠠᠯ ᠤᠨ ᠠᠭᠤᠯᠭ᠎ᠠ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ | ᠬᠤᠪᠢ ᠶᠢᠨ ᠵᠠᠭᠤᠴᠢᠯᠠᠭᠤᠷ ᠤᠨ ᠲᠠᠩᠰᠠᠨ ᠨᠣᠮᠧᠷ ᠢ ᠪᠠᠶᠢᠭᠤᠯᠬᠤ ᠪᠠ ᠡᠵᠡᠩᠨᠡᠬᠦ᠂ ᠵᠢᠭᠤᠯᠴᠢᠯᠠᠯ ᠤᠨ ᠠᠵᠢᠯ | ᠲᠥᠷᠥᠯ ᠢ ᠭᠦᠨᠵᠡᠭᠡᠢ ᠲᠠᠨᠢᠨ ᠮᠡᠳᠡᠬᠦ᠂ ᠣᠬᠤᠷ ᠹᠢᠯᠢᠮ ᠰᠢᠩᠬᠡᠬᠡᠨᠦᠢᠯᠡᠳᠬᠦ ᠵᠢᠴᠢ ᠤᠯᠠᠮᠵᠢᠯᠠᠯᠲᠤ ᠵᠢᠭᠤᠯᠴᠢᠯᠠᠯ | ᠤᠨ ᠰᠢᠨ᠎ᠡ ᠴᠠᠭ ᠦᠶ᠎ᠡ ᠳᠠᠬᠢ ᠰᠢᠨ᠎ᠡ ᠶᠢ ᠡᠭᠦᠳᠬᠦ ᠬᠥᠭᠵᠢᠯᠲᠡ ᠶᠢᠨ ᠴᠢᠭᠯᠡᠯ ᠵᠡᠷᠭᠡ ᠠᠭᠤᠯᠭ᠎ᠠ ᠶᠢᠨ ᠲᠤᠭᠤᠷᠢᠨ | ᠳᠤ ᠨᠠᠷᠢᠨ ᠲᠠᠶᠢᠯᠪᠤᠷᠢᠯᠠᠯᠳᠠ ᠬᠢᠵᠡᠢ᠃ | ᠪᠤᠯᠪᠠᠰᠣᠷᠠᠯ ᠳᠤ ᠤᠷᠤᠯᠴᠠᠭᠰᠠᠳ ᠲᠤᠰ ᠤᠳᠠᠭᠠᠨ ᠤ ᠪᠤᠯᠪᠠᠰᠣᠷᠠᠯ ᠨᠢ ᠲᠤᠬᠠᠶᠢᠯᠠᠭᠰᠠᠨ ᠠᠵᠢᠯ ᠤᠨ | ᠴᠢᠳᠠᠪᠤᠷᠢ ᠪᠠᠨ ᠳᠡᠭᠡᠭᠰᠢᠯᠡᠭᠦᠯᠬᠦ ᠲᠣᠬᠢᠶᠠᠯ ᠪᠣᠯᠬᠤ ᠪᠠᠷ ᠪᠠᠷᠠᠬᠤ ᠦᠭᠡᠢ᠂ ᠨᠠᠩ ᠴᠤ ᠠᠵᠢᠯ ᠨᠢᠭᠡᠲᠡᠨ ᠲᠠᠢ ᠪᠠᠨ | ᠬᠠᠷᠢᠯᠴᠠᠨ ᠰᠤᠷᠤᠯᠴᠠᠵᠤ᠂ ᠬᠠᠮᠲᠤ ᠪᠠᠷ ᠳᠠᠪᠰᠢᠬᠤ ᠡᠷᠬᠢᠮ ᠨᠠᠨᠳᠢᠨ ᠲᠣᠬᠢᠶᠠᠯ ᠪᠣᠯᠬᠤ ᠶᠤᠮ᠂ ᠪᠣᠯᠪᠠᠰᠤᠷᠠᠯ ᠠᠴᠠ | ᠰᠣᠷᠣᠭᠰᠠᠨ ᠮᠡᠳᠡᠯᠭᠡ ᠪᠠ ᠤᠷ᠎ᠠ ᠴᠢᠳᠠᠪᠤᠷᠢ ᠪᠠᠨ ᠪᠣᠳᠠᠲᠠᠢ ᠠᠵᠢᠯ ᠤᠨ ᠳᠤᠮᠳᠠ ᠪᠠᠨ ᠭᠦᠢᠴᠡᠳ ᠬᠡᠷᠡᠭᠯᠡᠨ᠂ ᠬᠡᠪ | ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠤᠲᠤᠭ ᠤᠰᠤᠨ ᠤ ᠪᠠᠨ ᠵᠢᠭᠤᠯᠴᠢᠯᠠᠯ ᠤᠨ ᠡᠬᠢ ᠪᠠᠶᠠᠯᠢᠭ ᠪᠠ | ᠣᠨᠴᠠᠯᠢᠭᠲᠤ ᠪᠦᠲᠦᠭᠡᠭᠳᠡᠬᠦᠨ ᠢ ᠢᠳᠡᠪᠬᠢᠲᠡᠢ ᠤᠬᠠᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠬᠡᠵᠦ ᠪᠠᠶᠢᠯ᠎ᠠ᠃ | | |