115 ᠳᠠᠬᠢ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ | ᠪᠠᠷᠠᠭᠤᠨ ᠦᠵᠦᠮᠦᠴᠢᠨ ᠬᠤᠰᠢᠭᠤᠨ ᠤ ᠪᠠᠶᠠᠬᠠᠭᠤᠯᠠ ᠨᠡᠶᠢᠭᠡᠮ ᠲᠣᠭᠤᠷᠢᠭ ︽ᠨᠠᠮ ᠤᠨ ᠠᠴᠢ ᠶᠢ ᠮᠡᠳᠡᠷᠡᠵᠦ᠂ | ᠨᠠᠮ ᠤᠨ ᠦᠭᠡ ᠶᠢ ᠰᠣᠨᠣᠰᠤᠨ᠂ ᠨᠠᠮ ᠢᠶᠠᠨ ᠳᠠᠭᠠᠬᠤ︾ ᠭᠤᠣᠯ ᠰᠡᠳᠦᠪ ᠢᠶᠠᠷ ᠬᠤᠶᠠᠳᠤᠭᠠᠷ ᠬᠤᠭᠤᠴᠠᠭᠠᠨ ᠤ ︽ | ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠢᠨ ᠮᠡᠲᠦ ᠡᠮᠡᠭᠲᠡᠶᠢᠴᠦᠳ ᠰᠢᠨ᠎ᠡ ᠠᠶᠠᠨ ᠤ ᠳᠠᠭᠤᠯᠠᠯ ᠢ | ᠴᠤᠤᠷᠢᠶᠠᠲᠤᠭᠤᠯᠤᠨ᠎ᠠ︾ ᠭᠡᠬᠦ ︽3 · 8︾ ᠤ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ︽ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠬᠤᠨᠳᠠᠭᠠᠲᠤ︾ ᠳᠠᠭᠤᠨ ᠤ ᠤᠷᠤᠯᠳᠤᠭᠠᠨ ᠢ ᠡᠷᠭᠢᠯᠡᠵᠦ᠂ ᠨᠡᠶᠢᠭᠡᠮ ᠲᠣᠭᠤᠷᠢᠭ ᠤᠨ | ᠣᠯᠠᠨ ᠰᠠᠭᠤᠭᠠᠯᠢ ᠠᠷᠠᠳ ᠢ ᠣᠷᠣᠯᠴᠠᠭᠤᠯᠵᠤ᠂ ᠨᠡᠶᠢᠭᠡᠮ ᠲᠣᠭᠤᠷᠢᠭ ᠤᠨ ᠬᠠᠮᠲᠤ ᠪᠠᠷ ᠵᠠᠰᠠᠵᠤ ᠬᠠᠮᠲᠤ ᠪᠠᠷ | ᠪᠦᠲᠦᠭᠡᠨ ᠪᠠᠶᠢᠭᠤᠯᠬᠤ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠪᠡ᠃ | ᠲᠤᠰ ᠠᠵᠢᠯᠯᠠᠭ᠎ᠠ ᠨᠢ ︽ᠨᠠᠮ ᠤᠨ ᠪᠠᠶᠢᠭᠤᠯᠤᠯᠲᠠ + ᠬᠠᠮᠲᠤ ᠪᠠᠷ ᠵᠠᠰᠠᠵᠤ ᠬᠠᠮᠲᠤ ᠪᠠᠷ ᠪᠠᠶᠢᠭᠤᠯᠬᠤ︾ | ᠲᠦᠷᠦᠯ ᠲᠡᠮᠳᠡᠭ ᠢᠶᠠᠷ ᠬᠥᠲᠥᠯᠥᠨ ᠳᠠᠭᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ︽ᠪᠤᠰᠤᠳ ᠬᠦᠴᠦᠨ︾ | ᠢ ᠨᠢᠭᠲᠠᠷᠠᠭᠤᠯᠬᠤ ᠪᠠᠷ ᠵᠣᠷᠢᠯᠭ᠎ᠠ ᠪᠠᠨ ᠪᠣᠯᠭᠠᠵᠠᠢ᠃ ᠤᠷᠤᠯᠳᠤᠭᠠᠨ ᠤ ᠠᠬᠤᠢ ᠲᠠᠯᠠᠪᠠᠢ ᠬᠦᠷ ᠬᠥᠭᠵᠢᠶᠡᠨ ᠢᠶᠠᠷ | ᠪᠢᠯᠬᠠᠵᠤ᠂ ᠤᠷᠤᠯᠳᠤᠭᠠᠨ ᠳᠤ ᠣᠷᠣᠯᠴᠠᠭᠰᠠᠨ ᠰᠠᠭᠤᠭᠠᠯᠢ ᠠᠷᠠᠳ ᠢᠷᠠᠭᠤ ᠰᠠᠶᠢᠬᠠᠨ ᠠᠶ᠎ᠠ ᠳᠠᠭᠤᠤ ᠪᠠᠷ ᠢᠶᠠᠨ | ᠨᠠᠮ ᠢᠶᠠᠨ ᠭᠡᠰᠡᠨ ᠬᠠᠶᠢᠷ᠎ᠠ ᠰᠡᠳᠬᠢᠯᠭᠡ᠂ ᠰᠠᠶᠢᠨ ᠰᠠᠶᠢᠬᠠᠨ ᠠᠮᠢᠳᠤᠷᠠᠯ ᠤᠨ ᠢᠶᠠᠨ ᠲᠤᠬᠠᠢ ᠮᠠᠭᠲᠠᠭᠠᠯ ᠰᠠᠶᠢᠰᠢᠶᠠᠯ | ᠢᠶᠠᠨ ᠢᠯᠡᠳᠬᠡᠪᠡ᠃ ᠤᠷᠤᠯᠳᠤᠭᠠᠨ ᠳᠤ ᠣᠷᠣᠯᠴᠠᠭᠰᠠᠳ ᠨᠠᠷᠢᠨ ᠨᠢᠮᠪᠠᠢ ᠪᠡᠯᠡᠳᠬᠡᠵᠦ᠂ ︽ᠤᠭ ᠵᠣᠷᠢᠯᠲᠠ ᠪᠠᠨ | ᠥᠯᠥ ᠮᠠᠷᠲᠠᠨᠠᠮ︾᠂ ︽ᠬᠤᠩ ᠮᠧᠢ ᠶᠢᠨ ᠮᠠᠭᠲᠠᠭᠠᠯ︾ ᠵᠡᠷᠭᠡ ᠰᠣᠩᠭᠤᠳᠠᠭ ᠬᠤᠪᠢᠰᠬᠠᠯᠲᠤ ᠳᠠᠭᠤᠤ ᠨᠤᠭᠤᠳ ᠢ | ᠤᠯᠠᠨ ᠶᠠᠩᠵᠤ ᠶᠢᠨ ᠬᠡᠪ ᠨᠠᠮᠪᠠ ᠪᠠᠷ ᠳᠠᠭᠤᠯᠠᠵᠤ᠂ ᠤᠯᠠᠨ ᠤ ᠭᠠᠶᠢᠬᠠᠮᠰᠢᠭᠲᠤ ᠲᠡᠦᠬᠡᠨ ᠴᠠᠭ ᠦᠶ᠎ᠡ ᠶᠢᠨ ᠲᠤᠬᠠᠢ | ᠡᠷᠭᠢᠴᠡᠭᠦᠯᠦᠯ ᠢ ᠰᠡᠷᠭᠦᠭᠡᠵᠡᠢ᠃ ᠪᠠᠰᠠ ᠵᠢᠷᠭᠠᠯᠲᠤ ᠠᠮᠢᠳᠤᠷᠠᠯ ᠢᠶᠠᠨ ᠮᠠᠭᠲᠠᠨ ᠳᠠᠭᠤᠯᠠᠭᠰᠠᠨ ︽ᠰᠠᠨᠠᠭᠰᠠᠨ ᠢᠶᠠᠷ︾᠂ | ︽ᠬᠥᠯᠥᠨ ᠮᠠᠯᠴᠢᠳ ᠤᠨ ᠳᠠᠭᠤᠯᠠᠯ︾ ᠵᠡᠷᠭᠡ ᠳᠠᠭᠤᠤ ᠪᠠᠷ ᠰᠢᠨ᠎ᠡ ᠴᠠᠭ ᠦᠶ᠎ᠡ ᠶᠢᠨ ᠠᠷᠠᠳ ᠲᠦᠮᠡᠨ ᠤ | ᠢᠳᠡᠪᠬᠢᠲᠡᠢ ᠪᠠᠷ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ ᠂ | ᠦᠵᠡᠭᠴᠢᠳ ᠤᠨ ᠲᠠᠭᠠᠰᠢᠶᠠᠯ ᠳᠤ ᠬᠦᠷᠴᠦ᠂ ᠬᠠᠯᠠᠭᠤᠨ ᠠᠯᠠᠭ᠎ᠠ ᠲᠠᠰᠢᠯᠲᠠ ᠶᠢᠨ ᠳᠠᠭᠤᠨ ᠦᠶ᠎ᠡ ᠦᠶ᠎ᠡ | ᠨᠢᠵᠢᠭᠢᠨᠡᠵᠦ ᠪᠠᠶᠢᠯ᠎ᠠ᠃ | ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠶᠤᠨ ᠰᠠᠨᠠᠭ᠎ᠠ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠪᠠᠰᠠ ᠡᠮᠡᠭᠲᠡᠶᠢᠴᠦᠳ ᠲᠤ ᠥᠪᠡᠷ ᠢ ᠪᠠᠨ | ᠬᠠᠷᠠᠭᠤᠯᠬᠤ ᠲᠠᠪᠴᠠᠩ ᠬᠠᠩᠭᠠᠵᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠣᠯᠠᠨ | ᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ | ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠪᠠᠶᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ | ᠪᠠᠶᠢᠨ᠎ᠠ᠃ ᠪᠠᠶᠠᠬᠠᠭᠤᠯᠠ ᠨᠡᠶᠢᠭᠡᠮ ᠲᠣᠭᠤᠷᠢᠭ ᠨᠢ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠬᠤᠯᠪᠣᠭᠠᠰᠤ | ᠪᠣᠯᠭᠠᠵᠤ᠂ ᠬᠠᠮᠲᠤᠪᠠᠷ ᠪᠠᠶᠢᠭᠤᠯᠬᠤ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠤᠨ | ᠬᠠᠮᠵᠢᠯᠴᠠᠨ ᠵᠠᠰᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ︽ᠡᠮᠡᠭᠲᠡᠶᠢᠴᠦᠳ ᠤᠨ ᠬᠦᠴᠦᠨ︾ ᠢ ᠦᠨᠳᠦᠰᠦᠨ | ᠱᠠᠲᠤᠨ ᠤ ᠵᠠᠰᠠᠯᠲᠠ ᠶᠢᠨ ᠳᠤᠮᠳᠠ ᠨᠠᠩ ᠰᠠᠶᠢᠨ ᠪᠠᠳᠠᠷᠠᠭᠤᠯᠬᠤ ᠪᠣᠯᠣᠨ᠎ᠠ᠃ | |