ᠬᠤᠶᠠᠷ ᠬᠤᠷᠠᠯ ᠤᠨ ᠮᠡᠳᠡᠭᠦᠯᠦᠯᠲᠡ ᠨᠡᠶᠢᠭᠡᠮ ᠲᠣᠭᠤᠷᠢᠭ ᠲᠤ ᠴᠢᠩᠭ᠎ᠠ ᠲᠤᠰᠬᠠᠯ ᠭᠠᠷᠪᠠ
ᠨᠡᠶᠢᠲᠡᠯᠡᠭᠰᠡᠨ ᠴᠠᠭ᠄
2025/3/10
   3 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠪᠡᠭᠡᠵᠢᠩ ᠳᠤ ᠦᠪᠡᠳᠡᠭᠰᠢ ᠶᠡᠭᠡ ᠪᠠᠷ ᠡᠬᠢᠯᠡᠪᠡ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠪᠠᠷᠠᠭᠤᠨ ᠦᠵᠦᠮᠦᠴᠢᠨ ᠬᠤᠰᠢᠭᠤᠨ ᠤ ᠪᠠᠶᠠᠩᠭᠤᠣᠯ ᠨᠡᠶᠢᠭᠡᠮ ᠲᠣᠭᠤᠷᠢᠭ ᠲᠤ ᠴᠢᠩᠭ᠎ᠠ ᠲᠤᠰᠬᠠᠯ ᠭᠠᠷᠪᠠ᠃ ᠨᠡᠶᠢᠭᠡᠮ ᠲᠣᠭᠤᠷᠢᠭ ᠤᠨ ᠺᠠᠳ᠋ᠷ ᠤᠯᠠᠨ ᠲᠦᠮᠡᠨ ᠲᠧᠯᠸᠢᠰ᠂ ᠰᠦᠯᠵᠢᠶ᠎ᠡ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠬᠤᠷᠠᠯ ᠤᠨ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠨ᠂ ᠢᠯᠡᠳᠬᠡᠯ ᠤᠨ ᠠᠭᠤᠯᠭ᠎ᠠ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠢᠯᠡᠳᠬᠡᠯ ᠤᠨ ᠲᠣᠭᠤᠷᠢᠨ ᠳᠤ ᠶᠠᠷᠢᠯᠴᠠᠭ᠎ᠠ ᠥᠷᠨᠢᠭᠦᠯᠪᠡ᠃    ᠨᠡᠶᠢᠭᠡᠮ ᠲᠣᠭᠤᠷᠢᠭ ᠤᠨ ᠠᠵᠢᠯᠯᠠᠭ᠎ᠠ ᠶᠢᠨ ᠲᠥᠪ ᠲᠤ᠂ ᠴᠥᠭᠡᠨ ᠪᠤᠰᠤ ᠰᠠᠭᠤᠭᠠᠯᠢ ᠠᠷᠠᠳ ᠡᠷᠲᠡᠯᠡᠨ ᠢᠷᠡᠵᠦ ᠬᠤᠶᠠᠷ ᠬᠤᠷᠠᠯ ᠤᠨ ᠢᠯᠡᠳᠬᠡᠯ ᠢ ᠰᠣᠨᠣᠰᠴᠤ᠂ ᠢᠯᠡᠳᠬᠡᠯ ᠳᠠᠬᠢ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠶᠢ ᠠᠩᠬᠠᠷᠤᠨ ᠰᠣᠨᠣᠰᠤᠭᠠᠳ ᠮᠠᠰᠢ ᠬᠠᠨᠤᠮᠵᠢᠲᠠᠢ ᠪᠠᠶᠢᠯ᠎ᠠ᠃ ᠰᠠᠭᠤᠭᠠᠯᠢ ᠠᠷᠠᠳ ᠵᠠᠩ ᠨᠠᠰᠤᠲᠠᠨ᠄ ︽ᠢᠯᠡᠳᠬᠡᠯ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ  ᠶᠢᠨ ᠮᠥᠩᠭᠦ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠳᠤᠷᠠᠳᠤᠭᠰᠠᠨ ᠨᠢ ᠮᠠᠨ ᠤ ᠨᠠᠰᠤᠲᠠᠶᠢᠴᠤᠳ ᠲᠤ ᠠᠪᠴᠤ ᠬᠡᠯᠡᠪᠡᠯ ᠦᠨᠡᠨ ᠪᠣᠳᠠᠲᠠᠢ ᠰᠠᠶᠢᠨ ᠴᠢᠮᠡᠭᠡ ᠪᠠᠶᠢᠵᠤ᠂ ᠮᠠᠨ ᠤ ᠥᠲᠡᠯᠦᠭᠡ ᠨᠠᠰᠤᠨ ᠤ ᠠᠮᠢᠳᠤᠷᠠᠯ ᠢ ᠨᠠᠩ ᠪᠠᠲᠤᠯᠠᠭ᠎ᠠ ᠲᠠᠢ ᠪᠣᠯᠭᠠᠵᠠᠢ︾ ᠭᠡᠵᠦ ᠳᠣᠭᠳᠤᠯᠤᠨ ᠶᠠᠷᠢᠯ᠎ᠠ᠃    ᠨᠡᠶᠢᠭᠡᠮ ᠲᠣᠭᠤᠷᠢᠭ ᠤᠨ ᠠᠵᠢᠯᠲᠠᠳ ᠴᠤ ᠢᠯᠡᠳᠬᠡᠯ ᠤᠨ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠨᠡᠶᠢᠭᠡᠮ ᠲᠣᠭᠤᠷᠢᠭ ᠤᠨ ᠠᠵᠢᠯ ᠤᠨ ᠴᠢᠭᠯᠡᠯ ᠢ ᠲᠣᠳᠣᠷᠬᠠᠢ ᠵᠢᠭᠠᠵᠤ ᠥᠭᠴᠡᠢ ᠭᠡᠪᠡ᠃ ᠮᠡᠳᠡᠭᠦᠯᠦᠯᠲᠡ ᠳᠤ ᠳᠤᠷᠠᠳᠤᠭᠰᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠴᠢᠩᠭᠠᠳᠬᠠᠬᠤ᠂ ᠬᠤᠭ ᠨᠣᠪᠰᠢ ᠶᠢ ᠲᠦᠷᠦᠯ ᠬᠤᠪᠢᠶᠠᠬᠤ ᠶᠢ ᠠᠬᠢᠭᠤᠯᠬᠤ ᠵᠡᠷᠭᠡ ᠠᠵᠢᠯ ᠳᠤ ᠴᠢᠭᠯᠡᠭᠦᠯᠦᠨ᠂ ᠨᠡᠶᠢᠭᠡᠮ ᠲᠣᠭᠤᠷᠢᠭ ᠤᠨ ᠺᠠᠳ᠋ᠷᠴᠤᠳ ᠪᠠᠰᠠ ᠭᠦᠨᠵᠡᠭᠡᠢ ᠶᠠᠷᠢᠯᠴᠠᠭ᠎ᠠ ᠥᠷᠨᠢᠭᠦᠯᠦᠨ᠂ ︽ᠮᠠᠨ ᠤ ᠨᠡᠶᠢᠭᠡᠮ ᠲᠣᠭᠤᠷᠢᠭ ᠲᠤ ᠴᠥᠭᠡᠨ ᠪᠤᠰᠤ ᠬᠠᠭᠤᠴᠢᠨ ᠰᠠᠭᠤᠭᠠᠯᠢ ᠲᠣᠭᠤᠷᠢᠭ ᠲᠠᠢ᠂ ᠰᠠᠭᠤᠭᠠᠯᠢ ᠠᠷᠠᠳ ᠤᠨ ᠥᠭᠡᠷᠡᠴᠢᠯᠡᠯᠲᠡ ᠶᠢᠨ ᠲᠤᠬᠠᠢ ᠬᠦᠰᠡᠯ ᠱᠠᠭᠠᠷᠳᠠᠯᠭ᠎ᠠ ᠴᠤ ᠮᠠᠰᠢ ᠥᠨᠳᠥᠷ ᠪᠠᠶᠢᠨ᠎ᠠ᠃ ᠵᠠᠯᠭᠠᠭᠠᠳ ᠪᠢᠳᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠡᠭᠦᠨ ᠤ  ᠬᠠᠮᠲᠤ ᠬᠤᠭ ᠨᠣᠪᠰᠢ ᠶᠢ ᠲᠥᠷᠥᠯ ᠬᠤᠪᠢᠶᠠᠬᠤ ᠲᠤᠬᠠᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠨ᠎ᠠ︾ ᠭᠡᠯ᠎ᠡ᠃    ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠨᠠᠩ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠨ᠎ᠠ ᠭᠡᠵᠦ ᠢᠯᠡᠳᠬᠡᠵᠡᠭᠡᠪᠡ᠃   ᠰᠠᠭᠤᠭᠠᠯᠢ ᠠᠷᠠᠳ ᠮᠠ ᠶᠠᠠ ᠬᠤᠸᠠ᠄ ︽ᠬᠤᠶᠠᠷ ᠬᠤᠷᠠᠯ ᠤᠨ ᠰᠢᠭᠤᠳ ᠨᠡᠪᠲᠡᠷᠡᠭᠦᠯᠭᠡ ᠶᠢ ᠦᠵᠡᠭᠡᠳ ᠬᠤᠶᠠᠷ ᠵᠦᠢᠯ ᠤᠨ ᠬᠦᠰᠡᠯᠲᠡ ᠲᠠᠢ ᠪᠣᠯᠣᠯ᠎ᠠ᠂ ᠨᠡᠶᠢᠭᠡᠮ ᠲᠣᠭᠤᠷᠢᠭ ᠲᠤ ᠰᠢᠯᠢᠳᠡᠭ ᠡᠮ ᠡᠮᠨᠡᠯᠭᠡ ᠶᠢᠨ ᠡᠬᠢ ᠪᠠᠶᠠᠯᠢᠭ ᠲᠠᠢ ᠪᠣᠯᠭᠠᠬᠤ ᠶᠢ ᠦᠨᠡᠨᠬᠦ ᠪᠣᠳᠠᠲᠠᠶᠢᠵᠢᠭᠤᠯᠵᠤ᠂ ᠨᠠᠰᠤᠲᠠᠶᠢᠴᠤᠳ ᠤᠨ ᠡᠪᠡᠳᠴᠢᠨ ᠦᠵᠡᠭᠦᠯᠬᠦ ᠳᠤ ᠨᠡᠩ ᠳᠦᠭᠦᠮ ᠪᠣᠯᠭᠠᠬᠤ ᠶᠢ ᠬᠦᠰᠡᠵᠦ ᠪᠠᠶᠢᠨ᠎ᠠ᠃ ᠪᠠᠰᠠ ᠨᠢᠭᠡ ᠨᠢ ᠣᠶᠣᠨᠴᠢᠯᠠᠭᠰᠠᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠠᠰᠤᠲᠠᠶᠢᠴᠤᠳ ᠤᠨ ᠭᠡᠷ ᠲᠡᠭᠡᠨ ᠠᠰᠠᠷᠠᠮᠵᠢ ᠬᠦᠷᠲᠡᠬᠦ ᠳᠤ ᠨᠡᠩ ᠰᠠᠶᠢᠨ ᠪᠠᠲᠤᠯᠠᠭ᠎ᠠ ᠬᠠᠩᠭᠠᠵᠤ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠴᠤ ᠤᠯᠠᠮ ᠰᠠᠶᠢᠬᠠᠨ ᠪᠣᠯᠬᠤ ᠶᠢ ᠬᠦᠰᠡᠵᠦ ᠪᠠᠶᠢᠨ᠎ᠠ᠃ ᠰᠠᠭᠤᠭᠠᠯᠢ ᠠᠷᠠᠳ ᠪᠣᠯᠣᠭᠰᠠᠨ ᠤ ᠬᠤᠪᠢ ᠳᠤ ᠪᠢ ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠣᠯᠠᠨ ᠲᠠᠢ ᠬᠠᠮᠲᠤᠪᠠᠷ  ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠠᠶᠢᠭᠤᠯᠬᠤ ᠪᠠᠷ ᠴᠢᠷᠮᠠᠶᠢᠨ᠎ᠠ︾ ᠭᠡᠯ᠎ᠡ᠃    ᠪᠠᠶᠠᠩᠭᠤᠣᠯ ᠨᠡᠶᠢᠭᠡᠮ ᠲᠣᠭᠤᠷᠢᠭ ᠤᠨ ᠳᠡᠳ᠋ ᠡᠷᠬᠢᠯᠡᠭᠴᠢ   ᠢᠤᠢ ᠸᠧᠨ ᠵᠢᠩ᠄ᠬᠤᠶᠠᠷ ᠬᠤᠷᠠᠯ ᠠᠴᠠ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠵᠤ ᠥᠭᠭᠦᠯ᠎ᠡ᠃ ᠬᠤᠶᠢᠰᠢᠳᠠ ᠪᠢᠳᠡ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠦᠢᠯᠡᠴᠢᠯᠡᠭᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃  ᠣᠯᠠᠨ ᠲᠠᠯ᠎ᠠ ᠶᠢᠨ ᠵᠠᠰᠠᠯᠲᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠭᠦᠯᠦᠯᠲᠡ ᠶᠢᠨ ᠰᠢᠰᠲ᠋ᠧᠮ ᠢ ᠪᠦᠷᠢᠨᠰᠢᠭᠦᠯᠵᠦ᠂ ᠰᠠᠭᠤᠯᠭᠠᠢ ᠠᠷᠠᠳ ᠤᠨ ᠣᠷᠣᠯᠴᠠᠬᠤ ᠶᠢ ᠵᠣᠷᠢᠭᠵᠢᠭᠤᠯᠤᠨ᠎ᠠ᠃ ᠨᠥᠭᠦᠭᠡ ᠲᠠᠯ᠎ᠠ ᠪᠠᠷ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠬᠤ ᠠᠷᠭ᠎ᠠ ᠵᠠᠮ ᠢ ᠥᠷᠭᠡᠳᠬᠡᠵᠦ᠂ ᠰᠦᠯᠵᠢᠶᠡᠨ ᠳᠡᠭᠡᠷᠡᠬᠢ ᠤᠶᠤᠤ ᠰᠦᠯᠵᠢᠶᠡᠨ ᠭᠠᠳᠠᠨᠠᠬᠢ ᠵᠥᠪᠯᠡᠬᠦ ᠲᠠᠪᠴᠠᠩ ᠢ ᠪᠦᠷᠢᠨᠰᠢᠭᠦᠯᠦᠨ᠎ᠡ᠃  ᠠᠳᠠᠯ ᠠᠬᠤᠢ ᠶᠢᠨ ᠦᠢᠯᠡᠴᠢᠯᠡᠭᠡ ᠪᠠ ᠨᠠᠮ ᠤᠨ ᠪᠠᠶᠢᠭᠤᠯᠤᠯᠲᠠ ᠶᠢᠨ ᠬᠤᠯᠪᠣᠭᠠᠯᠠᠨ ᠪᠠᠶᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠦᠷᠭᠦᠯᠵᠢᠯᠡᠨ  ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ‍ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号