ᠮᠠᠯᠴᠢᠤᠨ ᠤᠨ ᠳᠡᠷᠭᠡᠳᠡᠬᠢ ᠰᠠᠶᠢᠨ ᠲᠠᠭᠤᠷᠢᠶᠠᠯ
ᠨᠡᠶᠢᠲᠡᠯᠡᠭᠰᠡᠨ ᠴᠠᠭ᠄
2025/3/11
   ᠰᠤᠶᠤᠯᠴᠡᠴᠡᠭ ᠪᠤᠯ ᠪᠠᠷᠠᠭᠤᠨ ᠦᠵᠦᠮᠦᠴᠢᠨ ᠬᠤᠰᠢᠭᠤᠨ ᠤ ᠪᠠᠶᠡᠡᠬᠤᠰᠢᠭᠤ ᠰᠤᠮᠤᠨ ᠤ ᠴᠢᠯᠠᠭᠤᠳᠦ ᠭᠠᠴᠠᠭᠠᠨ ᠤ ᠮᠠᠯᠴᠢᠨ᠂ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠴᠢᠯᠠᠭᠤᠳᠦ ᠭᠠᠴᠠᠭᠠᠨ ᠤ ᠨᠠᠮ ᠤᠨ ᠡᠬᠦᠷ᠂ ᠠᠷᠠᠤᠨ  ᠤᠨ ᠵᠦᠪᠯᠡᠯ ᠤᠨ ᠬᠡᠰᠢᠬᠦᠨ᠂ ᠭᠠᠴᠠᠭᠠᠨ ᠤ ᠪᠠᠨ ᠡᠮᠡᠭᠳᠠᠶᠢᠴᠤᠤᠨ ᠤᠨ ᠬᠤᠯᠪᠤᠭᠠᠳᠦ ᠬᠤᠷᠡᠯ ᠤᠨ ᠲᠡᠷᠢᠬᠦᠯᠡᠭᠴᠢ ᠵᠡᠷᠬᠡ ᠡᠬᠦᠷᠬᠡ ᠲᠤᠰᠢᠶᠠᠯ ᠢ ᠡᠬᠦᠷᠬᠡᠯᠡᠵᠦ ᠶᠠᠪᠤᠭ᠎ᠠ ᠲᠡᠷᠡᠪᠡᠷ ᠠᠮᠢ ᠠᠬᠤᠢ ᠶᠢ ᠬᠠᠮᠠᠭᠠᠯᠠᠬᠤ ᠪᠠᠷ ᠤᠷᠢᠳᠡᠯ ᠪᠤᠯᠭᠠᠨ᠂ ᠰᠠᠭᠤᠷᠢ ᠪᠦᠳᠦᠬᠡᠨ ᠪᠠᠶᠢᠭᠤᠯᠤᠯᠳᠡ ᠪᠠᠨ ᠴᠢᠩᠭᠤᠠᠬᠠᠵᠦ᠂ ᠪᠡᠯᠴᠢᠭᠡᠷ ᠲᠡᠭᠡᠨ ᠵᠣᠬᠢᠴᠠᠭᠤᠯᠤᠨ ᠮᠠᠯᠵᠢᠬᠤ ᠶᠢᠨ ᠬᠠᠮᠲᠤ ᠰᠢᠭᠤᠳ ᠨᠡᠪᠲᠡᠷᠡᠭᠦᠯᠭᠡ ᠵᠡᠷᠭᠡ ᠰᠢᠨ᠎ᠡ ᠴᠠᠭ ᠦᠶ᠎ᠡ ᠶᠢᠨ ᠠᠷᠭ᠎ᠠ ᠬᠡᠯᠪᠡᠷᠢ ᠪᠠᠷ ᠦᠬᠡᠷ ᠬᠤᠨᠢᠨ ᠤ ᠪᠠᠨ ᠮᠢᠬ᠎ᠠ ᠶᠢ ᠪᠣᠷᠣᠯᠠᠭᠤᠯᠤᠨ ᠣᠷᠣᠯᠭ᠎ᠠ ᠪᠠᠨ ᠨᠡᠮᠡᠭᠳᠡᠭᠦᠯᠦᠨ ᠣᠯᠠᠨ ᠤ ᠳᠤᠮᠳᠠ ᠳᠠᠭᠤᠷᠢᠶᠠᠯ ᠪᠣᠯᠵᠤ ᠶᠠᠪᠤᠨ᠎ᠠ᠃
  ᠡᠳᠡᠨᠡᠶᠢᠬᠢᠨ 7560 ᠮᠤ᠋ ᠨᠤᠳᠤᠭ ᠪᠡᠯᠴᠢᠭᠡᠷ ᠢᠶᠠᠨ ᠬᠡᠰᠡᠭᠯᠡᠨ ᠲᠤᠤᠷᠯᠠᠵᠦ᠂ ᠪᠡᠯᠴᠢᠬᠡᠷ ᠤᠨ ᠳᠠᠭᠠᠭᠠᠴᠠ ᠳᠠᠭᠠᠨ ᠵᠣᠬᠢᠴᠠᠭᠤᠯᠤᠨ ᠪᠤᠳᠡ ᠪᠤᠭ ᠮᠠᠯ ᠢᠶᠠᠨ ᠡᠬᠡᠯᠵᠢᠯᠡᠨ ᠪᠡᠯᠴᠢᠬᠡᠷᠯᠡᠬᠦᠯᠵᠦ᠂ 700 ᠬᠠᠪᠳᠠᠭᠠᠢ ᠲᠦᠷᠪᠡᠯᠵᠢᠨ ᠮᠧᠲᠷ ᠤᠨ ᠲᠤᠯᠠᠭᠠᠨ ᠫᠸᠡᠭ ᠰᠠᠷᠠᠪᠴᠢ᠂ 2 ᠮᠠᠰᠢᠨ ᠬᠤᠤᠠᠳᠤᠭ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠪᠦᠷᠢᠨ ᠳᠦᠬᠦᠷ ᠪᠠᠶᠢᠵᠤ ᠂ ᠵᠢᠯ ᠳᠡᠭᠡᠨ ᠲᠦᠯ ᠤᠨ ᠤᠡᠳᠤᠷᠤᠯᠳᠡ ᠶᠢᠨ ᠨᠤᠷᠮ᠎ᠡ ᠨᠢ 98% ᠬᠦᠷᠴᠦ ᠪᠠᠶᠢᠳᠠᠭ᠃   ᠰᠣᠶᠣᠯᠴᠡᠴᠡᠭ ᠬᠦᠳᠡᠭᠡ ᠬᠡᠷ ᠲᠡᠭᠡᠨ 200 ᠬᠠᠪᠳᠠᠭᠠᠢ ᠲᠦᠷᠪᠡᠯᠵᠢᠨ ᠮᠧᠲᠷ ᠪᠦᠬᠦᠢ ᠲᠠᠯᠠᠪᠠᠢ ᠲᠠᠢ ᠮᠢᠬ᠎ᠠ ᠬᠠᠳᠠᠭᠠᠯᠠᠵᠦ ᠬᠠᠳᠠᠭᠠᠬᠤ ᠬᠡᠷ ᠪᠡᠯᠡᠳᠬᠡᠵᠦ᠂ ᠬᠦᠯᠳᠡᠬᠡᠬᠦᠷ ᠵᠡᠷᠬᠡ ᠳᠦᠬᠦᠭᠡᠷᠦᠮᠵᠢ ᠶᠢ ᠪᠦᠷᠢᠨᠰᠢᠭᠦᠯᠬᠦ ᠶᠢᠨ ᠬᠠᠮᠲᠤ ᠬᠤᠰᠢᠭᠤᠨ ᠲᠦᠪ ᠲᠤ ᠪᠠᠶᠢᠭ᠎ᠠ ᠭᠡᠷ ᠲᠡᠭᠡᠨ ︽ᠰᠢᠭᠤᠤᠨ ᠨᠡᠪᠳᠡᠷᠡᠬᠦᠯᠬᠡ ᠶᠢᠨ ᠲᠠᠰᠤᠭ︾ ᠲᠣᠬᠢᠷᠠᠭᠤᠯᠵᠤ᠂ ᠵᠠᠬ᠎ᠠ ᠵᠡᠭᠡᠯᠢ  ᠶᠢᠨ ᠪᠣᠷᠣᠯᠠᠭᠤᠯᠭ᠎ᠠ ᠶᠢᠨ ᠠᠷᠭ᠎ᠠ ᠬᠡᠯᠪᠡᠷᠢ ᠶᠢᠨ ᠬᠤᠪᠢᠷᠠᠯᠲᠠ ᠬᠥᠭᠵᠢᠯᠲᠡ ᠳᠤ ᠴᠢᠳᠠᠮᠠᠭᠠᠢ ᠵᠣᠬᠢᠴᠠᠨ᠂ ᠦᠬᠡᠷ ᠬᠤᠨᠢᠨ ᠤ  ᠪᠠᠨ ᠮᠢᠬ᠎ᠠ ᠶᠢ ᠰᠢᠭᠤᠳ  ᠨᠡᠪᠲᠡᠷᠡᠭᠦᠯᠭᠡ ᠪᠠᠷ ᠳᠠᠮᠵᠢᠭᠤᠯᠤᠨ ᠪᠣᠷᠣᠯᠠᠭᠤᠯᠤᠭᠰᠠᠨ ᠢᠶᠠᠷ ᠬᠤᠶᠡᠷ ᠵᠢᠯ ᠳᠤ 25 ᠲᠦᠮᠡᠨ ᠲᠦᠬᠦᠷᠢᠭ ᠤᠨ ᠣᠷᠣᠯᠭ᠎ᠠ ᠡᠭᠦᠳᠦᠭᠰᠡᠨ ᠢᠶᠠᠷ ᠪᠠᠷᠠᠬᠤ ᠦᠭᠡᠢ ᠴᠤᠯ ᠪᠠᠶᠢᠭᠠᠯᠢᠯᠢᠭ ᠦᠬᠡᠷ ᠬᠤᠨᠢᠨ ᠤ ᠪᠠᠨ ᠮᠢᠬ᠎ᠠ ᠶᠢ ᠬᠤᠲᠠ ᠬᠥᠳᠡᠭᠡ ᠡᠯ᠎ᠡ ᠭᠠᠵᠠᠷ ᠤᠨ ᠨᠡᠩ ᠣᠯᠠᠨ ᠬᠡᠷᠡᠭᠯᠡᠭᠴᠢᠳ ᠲᠤ ᠲᠠᠨᠢᠭᠤᠯᠤᠭᠰᠠᠨ ᠪᠠᠶᠢᠨ᠎ᠠ᠃
   ᠰᠤᠶᠤᠯᠴᠡᠴᠡᠭ ᠭᠠᠴᠠᠭᠠᠨ ᠤ ᠪᠠᠨ ᠡᠮᠡᠭᠳᠡᠶᠢᠴᠤᠤᠨ ᠤᠨ ᠬᠤᠯᠪᠤᠭᠠᠳᠦ ᠬᠤᠷᠡᠯ ᠤᠨ ᠲᠡᠷᠢᠬᠦᠯᠡᠭᠴᠢ ᠪᠤᠯᠤᠬᠰᠡᠨ ᠤ ᠬᠤᠪᠢ ᠳᠤ ᠭᠠᠴᠠᠭᠠᠨ ᠤ ᠪᠠᠨ ᠮᠠᠯᠴᠢᠤᠨ ᠢ ᠵᠤᠬᠢᠶᠠᠨ ᠪᠠᠶᠢᠭᠤᠯᠤᠨ ᠨᠡᠶᠢᠳᠡᠯᠢᠭ ᠵᠢᠱᠢᠶ᠎ᠡ ᠦᠵᠡᠬᠦᠯᠬᠦ ᠭᠠᠵᠡᠷ ᠤᠷᠤᠨ ᠢᠶᠠᠷ ᠲᠤᠭᠤᠷᠢᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠬᠡ ᠶᠢᠨ ᠦᠷᠳᠡᠭᠡ ᠶᠢᠨ ᠪᠦᠳᠦᠬᠡᠨ ᠪᠠᠶᠢᠭᠤᠯᠤᠯᠳᠡ᠂ ᠤᠶᠤᠡᠴᠢ ᠮᠠᠯᠵᠢᠯ ᠤᠨ ᠲᠠᠯᠠᠪᠠᠢ ᠶᠢᠨ ᠲᠤᠭᠠᠴᠢᠯᠠᠬᠰᠡᠨ ᠲᠠᠪᠴᠠᠩ ᠤᠨ ᠪᠦᠳᠦᠬᠡᠨ ᠪᠠᠶᠢᠭᠤᠯᠤᠯᠳᠡ ᠵᠡᠷᠬᠡ  ᠶᠢᠨ ᠪᠠᠶᠢᠳᠡᠯ ᠢ ᠨᠠᠷᠢᠨ  ᠣᠶᠢᠯᠠᠭᠠᠵᠠᠢ᠃ ᠡᠬᠦᠨ ᠤ ᠬᠠᠮᠳᠦ ᠡᠯ᠎ᠡ ᠭᠠᠴᠠᠭᠠᠨ ᠤ ᠮᠢᠬᠠᠨ ᠤ ᠦᠬᠡᠷ ᠲᠡᠵᠢᠬᠡᠨ ᠦᠷᠡᠵᠢᠬᠦᠯᠬᠦ ᠡᠷᠦᠬᠡ ᠪᠤᠯᠤᠨ ᠬᠡᠷ ᠪᠦᠯᠢ ᠮᠠᠯᠵᠢᠯ ᠤᠨ ᠲᠠᠯᠠᠪᠠᠢ ᠶᠢᠨ ᠵᠢᠱᠢᠶ᠎ᠡ ᠦᠵᠡᠬᠦᠯᠬᠦ ᠡᠷᠦᠬᠡ ᠪᠠᠷ ᠬᠦᠷᠴᠦ ᠲᠤᠷᠰᠢᠯᠭ᠎ᠠ ᠰᠤᠯᠢᠯᠴᠡᠨ ᠰᠤᠷᠤᠯᠴᠠᠪᠠ᠃   ᠲᠡᠷᠡ ᠪᠠᠰᠠ ᠭᠠᠴᠠᠭᠠᠨ ᠤ ᠪᠠᠨ ᠡᠮᠡᠭᠳᠠᠶᠢᠴᠤᠤᠨ ᠢᠶᠠᠨ ᠵᠤᠬᠢᠶᠠᠨ ᠪᠠᠶᠢᠭᠤᠯᠤᠨ᠂ ᠰᠠᠶᠢᠨ ᠲᠤᠷᠠᠴᠤᠤᠨ ᠤᠨ ᠦᠢᠯᠡᠴᠢᠯᠡᠬᠡᠨ ᠤ ᠠᠵᠢᠯᠯᠠᠭ᠎ᠠ ᠶᠢ ᠪᠠᠶᠢᠩᠭᠤ ᠦᠷᠨᠢᠬᠦᠯᠳᠡᠭ᠃ ᠪᠠᠷᠠᠭᠤᠨ ᠦᠵᠦᠮᠦᠴᠢᠨ ᠬᠤᠰᠢᠭᠤᠨ ᠤ ᠡᠩᠬᠡᠮᠡᠡᠳᠦ ᠠᠰᠠᠷᠠᠮᠵᠢ ᠶᠢᠨ ᠬᠦᠷᠢᠶᠡᠯᠡᠩ ᠳᠤ ᠬᠦᠷᠴᠦ ᠠᠷᠢᠭᠤᠨ ᠴᠡᠪᠡᠷ ᠤᠨ ᠠᠵᠢᠯᠯᠠᠭ᠎ᠠ ᠥᠷᠨᠢᠭᠦᠯᠵᠦ᠂ ᠨᠠᠰᠤᠳᠠᠶᠢᠴᠤᠤᠨ ᠲᠤ ᠴᠡᠪᠡᠷ ᠲᠤᠬᠢᠯᠢᠭ ᠠᠮᠢᠳᠤᠷᠡᠯ ᠤᠨ ᠤᠷᠴᠢᠨ ᠲᠤᠭᠤᠷᠢᠨ ᠢ ᠪᠤᠢ ᠪᠣᠯᠭᠠᠵᠤ ᠥᠭᠭᠦᠭᠰᠡᠨ ᠪᠦᠭᠡᠳ ᠲᠡᠳᠡᠨ ᠳᠤ ᠲᠤᠬᠤᠨᠢᠭᠤᠯᠭ᠎ᠠ ᠶᠢᠨ ᠪᠤᠳᠡᠰ ᠬᠦᠷᠬᠡᠨ ᠨᠠᠶᠢᠬᠡᠮ ᠨᠠᠶᠢᠳᠡ ᠶᠢᠨ ᠬᠠᠶᠢᠷ᠎ᠠ ᠬᠠᠯᠡᠮᠵᠢ ᠶᠢ ᠳᠠᠮᠵᠢᠭᠤᠯᠤᠭᠰᠠᠨ ᠪᠠᠶᠢᠨ᠎ᠠ᠃   ᠬᠤᠰᠢᠭᠤ ᠤᠯᠤᠰ ᠲᠦᠷᠦ ᠶᠢᠨ ᠵᠦᠪᠯᠡᠯᠬᠡᠨ ᠤᠨ ᠬᠡᠰᠢᠬᠦᠨ᠂ ᠭᠠᠴᠠᠭᠠᠨ ᠤ ᠪᠠᠨ ᠨᠡᠮ ᠤᠨ ᠡᠬᠦᠷ᠂ ᠠᠷᠠᠳ ᠤᠨ ᠵᠦᠪᠯᠡᠯ ᠤᠨ ᠬᠡᠰᠢᠬᠦᠨ᠂ ᠡᠮᠡᠭᠳᠡᠶᠢᠴᠤᠤᠨ ᠤᠨ ᠬᠤᠯᠪᠤᠭᠠᠳᠦ ᠬᠤᠷᠡᠯ ᠤᠨ ᠲᠡᠷᠢᠬᠦᠯᠡᠭᠴᠢ ᠪᠤᠯᠤᠬᠰᠡᠨ ᠲᠡᠷᠡᠪᠡᠷ ᠡᠬᠦᠷᠬᠡ ᠬᠠᠷᠢᠭᠤᠴᠠᠯᠭ᠎ᠠ ᠳᠤ ᠪᠠᠨ ᠰᠠᠭᠤᠷᠢᠯᠡᠨ᠂ ᠬᠦᠳᠡᠭᠡ ᠲᠤᠰᠬᠤᠨ ᠢ ᠬᠦᠭᠵᠢᠬᠦᠯᠦᠨ ᠮᠠᠠᠳᠤᠭᠤᠯᠬᠤ ᠰᠢᠨ᠎ᠡ ᠰᠡᠤᠡᠬᠢᠴᠡ ᠪᠠᠨ ᠥᠷᠭᠡᠳᠬᠡᠵᠦ᠂ ᠬᠤᠰᠢᠭᠤᠴᠢ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠤᠨ᠂ ᠨᠤᠳᠤᠭ ᠤᠷᠤᠨ ᠤ ᠪᠠᠨ ᠪᠦᠳᠦᠬᠡᠨ ᠪᠠᠶᠢᠭᠤᠯᠤᠯᠳᠡ ᠳᠤ ᠴᠠᠷᠮᠠᠶᠢᠨ ᠠᠵᠢᠯᠯᠠᠵᠦ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号