ᠬᠤᠰᠢᠭᠤ ᠨᠠᠮ ᠤᠨ ᠬᠤᠷᠢᠶᠠᠨ ᠤ ︽ᠰᠤᠷᠲᠠᠯ ᠢ ᠰᠠᠶᠢᠵᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ᠂ | ᠬᠥᠭᠵᠢᠯᠲᠡ ᠶᠢ ᠠᠬᠢᠭᠤᠯᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠣᠰᠠᠳᠠ᠂ ᠪᠠᠷᠠᠭᠤᠨ | ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠰᠠᠨᠠᠯ ᠰᠠᠨᠠᠭᠤᠯᠭ᠎ᠠ ᠳᠡᠪᠰᠢᠭᠦᠯᠬᠦ ᠬᠤᠶᠠᠷ ᠬᠡᠮᠵᠢᠯᠲᠦ ᠺᠣᠳ᠋ ᠶᠢ ᠨᠡᠭᠡᠭᠡᠵᠦ᠂ ᠠᠵᠤ | ᠠᠬᠤᠶᠢᠯᠠᠯ᠂ ᠣᠯᠠᠨ ᠲᠥᠮᠡᠨ᠂ ᠬᠤᠶᠠᠷ ᠲᠥᠯᠥᠭᠡᠯᠡᠭᠴᠢ ᠨᠢᠭᠡ ᠭᠡᠰᠢᠭᠦᠨ ᠳᠤ ᠥᠨᠳᠥᠷ ᠪᠦᠲᠦᠮᠵᠢᠲᠡᠶ᠂ ᠰᠠᠭᠠᠳ | ᠦᠭᠡᠢ ᠨᠡᠪᠲᠡᠷᠡᠬᠦ ᠵᠠᠰᠠᠭ ᠠᠷᠠᠳ ᠤᠨ ᠨᠡᠪᠲᠡᠷᠡᠯᠴᠡᠬᠦ ᠳᠠᠪᠴᠠᠩ ᠬᠠᠩᠭᠠᠪᠠ᠃ | ᠡᠨᠡᠬᠦ ᠰᠢᠨ᠎ᠡ ᠪᠠᠷ ᠨᠡᠭᠡᠭᠡᠭᠰᠡᠨ ᠬᠠᠷᠢᠭᠤ ᠲᠤᠰᠬᠠᠯ ᠤᠨ ᠬᠤᠶᠠᠷ ᠬᠡᠮᠵᠢᠯᠲᠦ ᠺᠣᠳ᠋ ᠨᠢ ᠡᠵᠡᠩᠨᠡᠯᠲᠡ ᠶᠢᠨ ᠣᠷᠴᠢᠨ | ᠲᠣᠭᠤᠷᠢᠨ ᠤ ᠵᠠᠰᠠᠯᠲᠠ᠂ ᠴᠣᠩᠬᠤᠪᠴᠢ ᠦᠢᠯᠡᠴᠢᠯᠡᠭᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠵᠢᠴᠢ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ | ᠤᠲᠠᠰᠤ ᠶᠢ ᠭᠦᠢᠴᠡᠳᠬᠡᠬᠦ ᠵᠡᠷᠭᠡ ᠠᠵᠢᠯ ᠲᠠᠢ ᠨᠢᠭᠲᠠ ᠣᠶᠠᠯᠳᠣᠵᠤ᠂ ᠺᠣᠳ᠋ ᠢ ᠰᠢᠷᠪᠢᠪᠡᠯ ᠳᠠᠷᠤᠢ ᠡᠯ᠎ᠡ ᠲᠥᠷᠥᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠰᠠᠭᠤᠳᠠᠯ ᠤᠨ ᠲᠤᠬᠠᠢ ᠰᠠᠨᠠᠯ ᠵᠥᠪᠯᠡᠯᠭᠡ ᠪᠠᠨ ᠳᠣᠷᠠᠳᠴᠤ᠂ | ᠣᠷᠣᠰᠢᠵᠤ ᠪᠠᠶᠢᠭ᠎ᠠ ᠠᠰᠠᠭᠤᠳᠠᠯ ᠢ ᠬᠠᠷᠢᠭᠤ ᠲᠤᠰᠬᠠᠬᠤ᠂ ᠡᠰᠡᠬᠦᠯ᠎ᠡ ᠠᠰᠠᠭᠤᠳᠠᠯ ᠢ ᠰᠢᠢᠳᠪᠦᠷᠢᠯᠡᠬᠦ ᠰᠡᠳᠬᠢᠮᠵᠢ᠂ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠰᠠᠨᠠᠭᠤᠯᠭ᠎ᠠ ᠶᠢ ᠴᠥᠮ ᠲᠤᠰᠢᠶᠠᠵᠤ ᠪᠣᠯᠣᠨ᠎ᠠ᠃ ᠰᠠᠨᠠᠯ ᠢ ᠬᠦᠯᠢᠶᠡᠨ | ᠠᠪᠤᠭᠰᠠᠨ ᠤ ᠳᠠᠷᠠᠭ᠎ᠠ ᠡᠯ᠎ᠡ ᠵᠦᠢᠯ ᠤᠨ ᠰᠠᠨᠠᠯ ᠰᠠᠨᠠᠭᠤᠯᠭ᠎ᠠ ᠶᠢ ᠲᠥᠷᠥᠯ ᠬᠤᠪᠢᠶᠠᠨ ᠡᠮᠬᠢᠯᠡᠬᠦ᠂ ᠨᠢᠭᠡᠳᠦᠯᠲᠡᠢ | ᠴᠤᠭᠯᠠᠭᠤᠯᠬᠤ ᠪᠠᠷ ᠳᠡᠮᠵᠢᠨ᠂ ᠣᠯᠠᠨ ᠬᠥᠮᠥᠨ ᠬᠠᠮᠲᠤ ᠪᠠᠷ ᠵᠠᠭᠠᠯᠳᠤᠭᠰᠠᠨ᠂ ᠲᠤᠰᠬᠠᠯ ᠴᠢᠩᠭ᠎ᠠ᠂ ᠳᠠᠬᠢᠨ ᠳᠠᠪᠲᠠᠨ | ᠢᠯᠡᠷᠡᠭᠰᠡᠨ ᠬᠠᠯᠠᠮᠰᠢᠯ ᠠᠰᠠᠭᠤᠳᠠᠯ ᠳᠤ ᠴᠢᠭᠯᠡᠭᠦᠯᠦᠨ ᠶᠡᠷᠦᠩᠬᠡᠶᠢᠯᠡᠨ ᠵᠠᠳᠠᠯᠵᠤ᠂ ᠲᠤᠰᠬᠠᠢ ᠬᠥᠮᠥᠨ ᠲᠣᠬᠢᠷᠠᠭᠤᠯᠤᠨ | ᠮᠥᠷᠳᠡᠨ ᠰᠢᠢᠳᠪᠦᠷᠢᠯᠡᠬᠦ ᠪᠠ ᠬᠠᠷᠢᠭᠤ ᠰᠣᠷᠪᠤᠯᠵᠢᠯᠠᠭ᠎ᠠ ᠬᠢᠯᠭᠡᠵᠦ᠂ ᠣᠯᠠᠨ ᠲᠦᠮᠡᠨ ᠤ ᠠᠩᠬᠠᠷᠤᠯ ᠲᠠᠯᠪᠢᠵᠤ | ᠪᠠᠶᠢᠭ᠎ᠠ ᠠᠰᠠᠭᠤᠳᠠᠯ ᠳᠤ ᠪᠦᠲᠦᠮᠵᠢᠲᠡᠶ ᠬᠠᠷᠢᠭᠤᠯᠲᠠ ᠥᠭᠭᠦᠨ᠎ᠡ᠃ ᠡᠨᠡ ᠬᠦ ᠰᠢᠨ᠎ᠡ ᠶᠢ ᠡᠭᠦᠳᠬᠦ ᠠᠷᠭ᠎ᠠ ᠬᠡᠯᠪᠡᠷᠢ | ᠨᠢ ᠬᠠᠷᠢᠭᠤ ᠲᠤᠰᠬᠠᠬᠤ ᠠᠷᠭ᠎ᠠ ᠵᠠᠮ ᠢ ᠥᠷᠭᠡᠳᠬᠡᠵᠦ᠂ ᠬᠠᠷᠢᠭᠤ ᠲᠤᠰᠬᠠᠬᠤ ᠠᠷᠭ᠎ᠠ ᠮᠠᠶ᠋ᠢᠭ ᠢ ᠨᠡᠩ ᠳᠥᠭᠦᠮ | ᠳᠥᠲᠡ ᠪᠥᠭᠡᠳ ᠥᠨᠳᠥᠷ ᠪᠦᠲᠦᠮᠵᠢᠲᠡᠶ ᠪᠣᠯᠭᠠᠵᠤ᠂ ᠬᠠᠷᠢᠭᠤ ᠲᠤᠰᠬᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ | ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠤᠪᠴᠢᠶᠡᠨ ᠤ ᠠᠵᠢᠯᠲᠠᠨ ᠳ᠋ᠢᠩ ᠮᠧᠩ ᠮᠧᠩ ᠄ ︽ᠮᠠᠨ ᠤ ᠲᠣᠪᠴᠢᠶ᠎ᠠ ᠨᠢ 2 ᠰᠠᠷ᠎ᠠ ᠶᠢᠨ | 20 ᠤ ᠡᠳᠦᠷ ᠠᠴᠠ ᠲᠤᠰ ᠺᠣᠳ᠋ ᠢ ᠨᠠᠪᠲᠠᠷᠡᠭᠦᠯᠵᠦ᠂ ᠠᠷᠠᠳ ᠤᠯᠠᠨ ᠳᠤ ᠰᠠᠨᠠᠯ ᠰᠠᠨᠠᠭᠤᠯᠭ᠎ᠠ ᠪᠠᠨ ᠲᠣᠰᠬᠠᠬᠤ | ᠰᠢᠨ᠎ᠡ ᠳᠠᠪᠴᠠᠩ ᠬᠠᠩᠭᠠᠵᠠᠢ᠃ ᠣᠳᠣᠬᠠᠨ ᠳᠤ ᠣᠷᠣᠰᠢᠨ ᠰᠠᠭᠤᠬᠤ ᠣᠷᠴᠢᠨ ᠨᠥᠬᠦᠴᠡᠯ᠂ ᠬᠤᠳᠠᠯᠳᠤᠭ᠎ᠠ | ᠡᠷᠭᠢᠯᠡᠬᠦ ᠣᠷᠴᠢᠨ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠨᠡᠯᠢᠶᠡᠳ ᠢ ᠭᠥᠯᠢᠶᠡᠨ ᠠᠪᠬᠤ ᠪᠣᠯᠲᠠᠯ᠎ᠠ᠂ | ᠲᠠᠷᠠᠭᠠᠴᠢ ᠶᠢᠨ ᠠᠯᠬᠤᠮ ᠳᠤ ᠴᠤᠭᠯᠠᠭᠤᠯᠤᠭᠰᠠᠨ ᠠᠰᠠᠭᠤᠳᠠᠯ ᠢ ᠲᠥᠷᠥᠯ ᠬᠤᠪᠢᠶᠠᠨ ᠬᠤᠷᠢᠶᠠᠩᠭᠤᠶᠢᠯᠠᠵᠤ᠂ | ᠬᠤᠯᠪᠣᠭᠳᠠᠬᠤ ᠰᠠᠯᠠᠭ᠎ᠠ ᠮᠥᠴᠢᠷ ᠲᠤ ᠲᠤᠰᠢᠶᠠᠨ ᠮᠥᠷᠳᠡᠨ ᠰᠢᠢᠳᠪᠦᠷᠢᠯᠡᠭᠦᠯᠵᠦ᠂ ᠬᠠᠷᠢᠭᠤ ᠲᠤᠰᠬᠠᠭᠰᠠᠨ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠪᠢᠲᠡᠭᠦᠦ ᠬᠠᠮᠢᠶᠠᠷᠤᠯᠲᠠ ᠶᠢᠨ ᠵᠠᠭᠪᠤᠷ ᠢ | ᠪᠣᠶ ᠪᠤᠯᠭᠠᠨ᠂ ︽ᠶᠠᠪᠤᠳᠠᠯ ᠪᠣᠯᠭᠠᠨ ᠢ ᠰᠢᠢᠳᠪᠦᠷᠢᠯᠡᠵᠦ᠂ ᠶᠠᠪᠤᠳᠠᠯ ᠪᠣᠯᠭᠠᠨ ᠳᠤ ᠬᠠᠷᠢᠭᠤ ᠥᠭᠬᠦ︾ ᠶᠢ ᠦᠨᠡᠨ ᠬᠦ | ᠪᠠᠲᠤᠯᠠᠨ᠎ᠠ︾ ᠭᠡᠯᠡ᠃ | ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠣᠳᠣᠬᠠᠨ ᠤ ᠠᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠭᠰᠡᠨ ᠰᠠᠭᠤᠷᠢᠨ | ᠳᠡᠭᠡᠷ᠎ᠡ᠂ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠬᠠᠷᠢᠭᠤ ᠲᠤᠰᠬᠠᠬᠤ ᠠᠷᠭ᠎ᠠ ᠵᠠᠮ ᠢ | ᠥᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠲᠠᠰᠤᠷᠠᠯᠲᠠ ᠦᠭᠡᠢ | ᠰᠢᠯᠢᠳᠡᠭᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠠᠷᠠᠳ ᠲᠤ ᠲᠥᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠦᠢᠯᠡᠴᠢᠯᠡᠬᠦ | ᠣᠶᠢᠯᠠᠭᠠᠭᠳᠠᠬᠤᠨ ᠢ ᠪᠣᠳᠠᠲᠠᠢ ᠠᠵᠢᠯ ᠤᠨ ᠳᠤᠮᠳᠠ ᠨᠠᠶᠢᠳᠠᠪᠤᠷᠢᠵᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ | ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠪᠠᠷ ᠪᠤᠢ᠃ |